ᠬᠢᠩᠭᠠᠨ ᠠᠶᠢᠮᠠᠭ ᠤᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/7/2
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ ᠂ 6 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠵᠡᠷᠭᠡ ᠠᠶᠢᠮᠠᠭ ᠤᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠳᠤ ᠢᠷᠡᠵᠦ᠂ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠭᠰᠠᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨᠲᠠ ᠤᠩᠰᠢᠪᠠ᠃    ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠪᠣᠯ ᠪᠦᠬᠦ ᠤᠯᠤᠰ ᠤᠨ ᠴᠤᠷ ᠤᠨ ᠭᠠᠭᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠡᠦᠬᠡᠨ ᠠᠬᠢᠴᠠ ᠶᠢ ᠪᠦᠬᠦ ᠶᠠᠪᠤᠴᠠ ᠪᠠᠷ ᠲᠤᠰᠬᠠᠬᠰᠠᠨ ᠪᠠ ᠲᠠᠬᠢᠨ ᠢᠯᠡᠷᠡᠭᠦᠯᠦᠭᠰᠡᠨ ᠳᠤᠷᠠᠰᠬᠠᠯ ᠤᠨ ᠴᠢᠨᠠᠷᠲᠠᠢ ᠦᠵᠡᠰᠬᠦᠯᠡᠩ ᠤᠨ ᠣᠷᠳᠣᠨ ᠪᠣᠯᠤᠨ᠎ᠠ᠃ ᠰᠦᠬᠡ ᠵᠡᠷᠭᠡ ᠠᠶᠢᠮᠠᠭ ᠤᠨ ᠳᠡᠰ ᠤᠨ ᠤᠳᠤᠷᠢᠳᠬᠤ ᠨᠥᠬᠦᠳ ᠦᠵᠡᠭᠦᠯᠦᠯᠭᠡ ᠶᠢᠨ ᠲᠢᠩᠬᠢᠮ ᠳᠤ ᠣᠷᠣᠵᠤ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ ᠶᠢ ᠰᠣᠨᠣᠰᠬᠤ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠪᠣᠯᠤᠨ ᠲᠡᠦᠬᠡ ᠶᠢᠨ ᠮᠠᠲ᠋ᠧᠷᠢᠶᠠᠯ ᠢ ᠲᠣᠭᠤᠷᠢᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠷᠡᠯ ᠰᠠᠴᠤᠷᠠᠩᠭᠤᠢ ᠥᠩᠭᠡᠷᠡᠯᠲᠡ ᠶᠢ ᠡᠷᠭᠢᠴᠡᠭᠦᠯᠵᠦ᠂ ᠬᠤᠪᠢᠰᠬᠠᠯ ᠤᠨ ᠠᠬᠠᠮᠠᠳ ᠦᠶ᠎ᠡ ᠶᠢᠨ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠶᠢ ᠣᠶᠢᠯᠠᠭᠠᠵᠤ᠂ ᠬᠤᠪᠢᠰᠬᠠᠯ ᠤᠨ ᠬᠥᠮᠦᠵᠢᠯ ᠪᠣᠯᠤᠨ ᠤᠶᠤᠨ ᠰᠠᠨᠠᠭᠠᠨ ᠤ ᠳᠠᠪᠲᠠᠯᠲᠠ ᠶᠢ ᠳᠠᠬᠢᠨᠲᠠ ᠬᠦᠷᠲᠡᠪᠡ᠃ ᠤᠯᠠᠨ ᠢᠶᠠᠷ ᠢᠶᠠᠨ᠂ ᠭᠦᠨ ᠭᠦᠨᠵᠡᠭᠡᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠵᠢᠴᠢ ᠠᠮᠢᠳᠤᠯᠢᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠤᠪᠢ ᠲᠠᠬᠢᠨ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃    ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ᠂  ᠰᠦᠬᠡ ᠤᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨᠲᠠ ᠡᠷᠭᠢᠴᠡᠭᠦᠯᠪᠡ᠃ ᠪᠦᠬᠦ ᠨᠠᠮ ᠤᠨ ᠭᠡᠰᠢᠭᠦᠨ ᠺᠠᠳ᠋ᠷ ᠭᠠᠯ ᠤᠯᠠᠭᠠᠨ ᠨᠠᠮ ᠤᠨ ᠲᠤᠭ ᠤᠨ ᠡᠮᠦᠨ᠎ᠡ᠂  ᠲᠥᠪ ᠴᠢᠩᠭ᠎ᠠ ᠪᠠᠷ ᠲᠠᠩᠭᠠᠷᠢᠭᠯᠠᠵᠤ᠂ ᠡᠷᠡᠰ ᠲᠠᠩᠭᠠᠷᠢᠭ ᠤᠨ ᠦᠭᠡᠰ ᠢᠶᠠᠷ ᠨᠢᠭᠡᠨ ᠡᠪ ᠬᠠᠮᠲᠤ ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠡᠭᠦᠷᠭᠡ ᠶᠢ ᠳᠠᠬᠢᠨᠲᠠ ᠲᠣᠳᠣᠷᠬᠠᠶᠢᠯᠠᠪᠠ᠃    ᠠᠶᠢᠮᠠᠭ ᠤᠨ ᠳᠥᠷᠪᠡᠨ ᠶᠡᠭᠡ ᠪᠠᠭ ᠤᠨ ᠤᠳᠤᠷᠢᠳᠬᠤ ᠨᠥᠬᠦᠳ᠂ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠪᠢᠶᠠᠷᠢ  ᠬᠤᠷᠢᠶ᠎ᠠ  ᠶᠢᠨ ᠪᠠᠶᠢᠴᠠᠭᠠᠬᠤ ᠳᠠᠷᠤᠭ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠵᠠᠬᠢᠷᠤᠯ᠂ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号