ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠪᠠᠶᠢᠴᠠᠭᠠᠨ ᠰᠤᠳᠤᠯᠤᠯᠲᠠ ᠵᠢᠴᠢ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
     7 ᠳ᠋ᠤᠭᠠᠷ ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠥᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠤᠨ ᠪᠠᠶᠢᠴᠠᠭᠠᠨ ᠰᠤᠳᠤᠯᠤᠯᠲᠠ ᠵᠢᠴᠢ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠭᠤᠯᠵᠦ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠵᠢᠯ ᠪᠠᠶᠢᠷᠢᠯᠠᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠤᠰᠢᠭᠤ ᠰᠢᠶᠠᠨ ᠬᠤᠲᠠ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠪᠠᠶᠢᠩᠭᠤ ᠶᠢᠨ ᠳᠡᠳ᠋ ᠬᠤᠰᠢᠭᠤ ᠰᠢᠶᠠᠨ ᠤ ᠳᠠᠷᠤᠭ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠯᠪᠣᠭᠳᠠᠯ ᠪᠥᠬᠦᠶ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠨᠢᠭᠡ ᠡᠳᠦᠷ ᠤᠨ ᠴᠠᠭ ᠢ ᠠᠰᠢᠭᠯᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠷᠠᠰᠢᠶᠠᠨ ᠬᠤᠳᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠵᠤᠭᠠᠴᠠᠯ ᠤᠨ ᠦᠢᠯᠡᠰ ᠤᠨ ᠬᠥᠭᠵᠢᠯᠲᠡ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠤᠸᠠᠨ ᠯᠢ  ᠬᠢᠮᠢ ᠶᠢᠨ ᠠᠮᠢᠳᠤ ᠪᠣᠳᠠᠰ ᠤᠨ ᠰᠠᠭᠤᠷᠢ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠠᠵᠢᠯ ᠡᠬᠢᠯᠡᠭᠦᠯᠬᠦ ᠠᠵᠢᠯᠯᠠᠭ᠎ᠠ ᠳᠤ ᠣᠷᠣᠯᠴᠠᠪᠠ᠃ ᠬᠤᠷᠠᠯ ᠳᠡᠭᠡᠷ᠎ᠡ᠂ ᠸᠠᠩ ᠯᠢ ᠰᠢᠶᠠ ᠨᠥᠬᠦᠷ ᠤᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ︽ᠬᠠᠷᠠᠮᠥ᠋ᠷᠡᠨ ᠤ ᠤᠨᠴᠠᠯᠢᠬᠳᠤ ᠰᠣᠶᠣᠯ ᠤᠨ ᠪᠠᠷᠢᠭᠠᠳᠠ ᠶᠢᠨ ᠬᠥᠭᠵᠢᠶᠡᠨ ᠲᠠᠢ ᠪᠣᠯᠤᠭᠰᠠᠨ ᠤ ᠠᠷᠤ ᠳᠠᠬᠢ ᠺᠠᠳ᠋ᠷ ᠤᠨ ᠰᠤᠷᠲᠠᠯ ᠤᠨ ᠬᠤᠪᠢᠷᠠᠯᠲᠠ︾ ᠭᠡᠬᠦ ᠣᠬᠤᠷ ᠸᠢᠳᠢᠣ᠋ ᠶᠢ ᠦᠵᠡᠵᠦ᠂ ᠬᠤᠰᠢᠭᠤ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ ᠲᠤᠰᠬᠠᠶ ᠬᠠᠷᠠᠯᠲᠠ ᠶᠢᠨ ᠬᠢᠨᠠᠨ ᠰᠢᠯᠭᠠᠯᠲᠠ ᠶᠢᠨ ᠦᠷ᠎ᠡ ᠳ᠋ᠦᠩ ᠪᠣᠯᠭᠠᠭᠰᠠᠨ ᠪᠠ ᠪᠥᠬᠦ ᠠᠶᠢᠮᠠᠭ ᠤᠨ ᠰᠣᠶᠣᠯ ᠤᠨ ᠪᠠᠷᠢᠭᠠᠳᠠ ᠶᠢᠨ ᠠᠵᠤ  ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠡᠯ᠎ᠡ ᠬᠤᠰᠢᠭᠤ ᠰᠢᠶᠠᠨ ᠬᠤᠲᠠ ᠪᠠ ᠬᠡᠰᠡᠭ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠰᠦᠬᠡ᠂ ᠡᠨᠡ ᠤᠳᠠᠭ᠎ᠠ ᠶᠢᠨ ᠬᠤᠷᠠᠯ ᠪᠣᠯ ᠨᠢᠭᠡ ᠤᠳᠠᠭ᠎ᠠ ᠶᠢᠨ ︽ᠦ ᠡᠷᠢᠬᠦ ᠬᠤᠷᠠᠯ︾ ᠮᠥᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠠᠵᠤ ᠠᠬᠤᠶ ᠶᠢᠨ ᠠᠵᠢᠯᠯᠠᠭᠠᠨ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠵᠢᠭᠤᠯᠴᠢᠯᠠᠯ ᠤᠨ ᠬᠥᠭᠵᠢᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠡᠷᠢᠵᠦ ᠵᠠᠳᠠᠯᠤᠨ᠎ᠠ︔ ᠪᠠᠰᠠ ᠨᠢᠭᠡ ᠤᠳᠠᠭ᠎ᠠ ᠶᠢᠨ ︽ᠪᠠᠶᠢᠷᠢᠯᠠᠭᠤᠯᠬᠤ ᠬᠤᠷᠠᠯ︾ ᠪᠠᠶᠢᠵᠤ᠂ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠨ᠂ ᠣᠳᠣᠬᠠᠨ ᠤ ᠪᠠᠶᠢᠳᠠᠯ ᠢ ᠣᠨᠣᠪᠴᠢᠲᠠᠶ ᠰᠤᠳᠤᠯᠤᠨ ᠮᠠᠭᠠᠳᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠪᠠ︔ ᠨᠡᠩ ᠴᠤ ᠨᠢᠭᠡ ᠤᠳᠠᠭ᠎ᠠ ᠶᠢᠨ ︽ᠲᠠᠩᠭᠠᠷᠢᠭᠯᠠᠬᠤ ᠬᠤᠷᠠᠯ︾ ᠪᠠᠶᠢᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠠᠶᠢᠮᠠᠭ ᠤᠨ ᠡᠯ᠎ᠡ ᠱᠠᠲᠤᠨ ᠤ ᠬᠢᠨ ᠢ ᠳᠠᠶᠢᠴᠢᠯᠠᠨ ︽ᠴᠢᠳᠠᠯ ᠦᠭᠡᠢ ᠪᠣᠯᠲᠠᠯ᠎ᠠ ᠴᠢᠷᠮᠠᠶᠢᠬᠤ︾ ᠬᠦᠴᠦᠨ ᠢᠶᠠᠷ ᠲᠣᠭᠲᠠᠭᠰᠠᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠳᠠᠶᠢᠴᠢᠯᠠᠭᠰᠠᠨ ᠪᠠᠶᠢᠨ᠎ᠠ᠃    ᠰᠦᠬᠡ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤᠳᠬᠠᠵᠤ᠂ ᠲᠦᠷᠦᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠥᠷᠭᠡᠳᠬᠡᠬᠦ ᠶᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠨᠢᠭᠡ ᠭᠠᠷᠠᠭ ᠲᠤ ᠳᠤᠬᠢᠷᠠᠭᠤᠯᠵᠤ᠂ ᠬᠠᠭᠠᠰ ᠰᠠᠷ᠎ᠠ ᠳᠤ ᠨᠢᠭᠡ ᠤᠳᠠᠭ᠎ᠠ ᠵᠠᠷᠯᠠᠨ ᠮᠡᠳᠡᠭᠳᠡᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠤᠯᠠᠨ ᠵᠦᠢᠯ ᠤᠨ ᠠᠷᠭ᠎ᠠ  ᠬᠡᠮᠵᠢᠶ᠎ᠡ ᠶᠢ ᠵᠡᠷᠭᠡᠪᠡᠷ ᠬᠡᠷᠡᠭᠯᠡᠨ ᠵᠤᠭᠠᠴᠠᠯ ᠤᠨ ᠬᠥᠭᠵᠢᠯᠲᠡ ᠶᠢ ᠠᠬᠢᠭᠤᠯᠵᠤ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠬᠠᠭᠤᠯᠤᠨ ᠪᠣᠷᠣᠯᠠᠭᠤᠯᠬᠤ᠂ ᠦᠢᠯᠡᠴᠢᠯᠡᠭᠡ ᠶᠢ ᠪᠠᠲᠤᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠤᠭᠠᠴᠠᠭᠰᠠᠳ ᠤᠨ ᠰᠡᠳᠬᠢᠬᠦᠢ ᠶᠢ ᠪᠤᠢ ᠪᠣᠯᠭᠠᠵᠤ᠂ ᠳᠤᠬᠢᠷᠠᠭᠤᠯᠤᠯᠳᠠ ᠶᠢᠨ ᠤᠳᠠᠭ᠎ᠠ ᠶᠢ ᠨᠢᠭᠤᠴᠠᠯᠠᠵᠤ᠂ ᠪᠣᠭᠤᠮᠢ ᠬᠢᠵᠠᠭᠠᠷᠯᠠᠯ ᠢ ᠰᠢᠢᠳᠪᠦᠷᠢᠯᠡᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠥᠴᠦᠬᠡᠨ ᠴᠦ ᠴᠠᠯᠠᠭᠠᠶᠢᠷᠠᠯ ᠦᠭᠡᠢ ᠪᠠᠷ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠴᠠᠭ ᠢᠮᠠᠭᠲᠠ ᠰᠠᠨᠠᠭ᠎ᠠ ᠠᠮᠤᠷ ᠪᠠᠶᠢᠵᠤ᠂ ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠵᠤ᠂ ᠦᠶᠡᠷ ᠢ ᠰᠡᠷᠭᠡᠶᠢᠯᠡᠬᠦ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠴᠢᠬᠤᠯᠠ ᠶᠡᠭᠡ ᠠᠵᠢᠯᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠬᠦᠴᠦᠯᠡᠨ ᠬᠤᠪᠢᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ  ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠨᠤᠭᠤᠷᠠᠰᠢ ᠥᠬᠡᠶ ᠬᠠᠳᠠᠨ ᠵᠣᠷᠢᠭ᠂ ᠡᠷᠡᠯᠬᠡᠭᠯᠡᠨ ᠤᠷᠤᠭᠰᠢᠯᠠᠬᠤ ᠭᠠᠪᠰᠢᠭᠠᠶᠢᠯᠠᠬᠤ ᠵᠣᠷᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠡᠷᠴᠢ ᠵᠣᠷᠢᠭ᠂ ᠡᠷᠡᠯᠬᠡᠭᠯᠡᠨ ᠪᠠᠶᠢᠯᠳᠤᠵᠤ ᠢᠯᠠᠯᠲᠠ ᠤᠯᠬᠤ ᠡᠷᠴᠢ ᠵᠣᠷᠢᠭ᠂ ᠴᠢᠩᠭ᠎ᠠ ᠠᠳᠬᠤᠨ ᠪᠣᠳᠠᠲᠠᠶ ᠠᠳᠬᠤᠬᠤ ᠬᠠᠲᠠᠭᠤ ᠵᠣᠷᠢᠭ ᠢ ᠨᠢ ᠴᠢᠩᠭᠠᠷᠠᠭᠤᠯᠵᠤ᠂ ᠦᠨᠡᠨ ᠬᠦ ᠰᠡᠳᠬᠢᠯ ᠲᠠᠯᠪᠢᠨ ᠠᠵᠢᠯ ᠶᠠᠪᠤᠳᠠᠯ ᠪᠣᠳᠣᠯᠬᠢᠯᠠᠵᠤ᠂ ᠰᠡᠳᠬᠢᠯᠭᠡ ᠪᠠᠷ ᠢᠶᠠᠨ ᠠᠵᠢᠯ ᠶᠠᠪᠤᠳᠠᠯ ᠬᠢᠵᠦ᠂ ᠬᠦᠴᠦᠯᠡᠨ ᠴᠢᠷᠮᠠᠶᠢᠵᠤ ᠪᠠᠶᠢᠭᠠᠳ ᠠᠵᠢᠯ ᠶᠠᠪᠤᠳᠠᠯ ᠢ ᠪᠦᠲᠦᠭᠡᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ᠂ ᠰᠤᠷᠭᠠᠨ ᠬᠥᠮᠦᠵᠢᠯ᠂ ᠬᠢᠨᠠᠯᠲᠠ ᠬᠠᠮᠢᠶᠠᠷᠤᠯᠲᠠ᠂ ᠲᠦᠷᠢᠮ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠲᠠᠪᠤᠨ ᠰᠢᠰᠲ᠋ᠧᠮ︾ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠪᠣᠳᠠᠲᠤ ᠠᠮᠵᠢᠯᠲᠠ ᠶᠢ ᠴᠢᠬᠤᠯᠠᠴᠢᠯᠠᠬᠤ︾ ᠪᠠ ︽ᠶᠣᠰᠣ ᠲᠦᠷᠢᠮ ᠢ ᠴᠢᠩᠳᠠᠯᠠᠬᠤ︾ ᠤᠳᠤᠷᠢᠳᠤᠮᠵᠢ ᠶᠢ ᠢᠯᠠ ᠲᠣᠳᠣᠷᠬᠠᠢ ᠪᠤᠢ ᠪᠣᠯᠭᠠᠬᠤ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠬᠢᠩᠭᠠᠨ ᠠᠶᠢᠮᠠᠭ ᠲᠤ ᠲᠤᠯᠭᠠᠷᠠᠵᠤ ᠪᠠᠶᠢᠭ᠎ᠠ ᠣᠯᠳᠠᠬᠤᠶ᠎ᠠ ᠪᠡᠷᠬᠡ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠪᠣᠯᠤᠨ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠭᠦᠢᠴᠡᠳ ᠲᠠᠨᠢᠵᠤ᠂ ᠰᠡᠳᠬᠢᠯ ᠰᠢᠭᠤᠳᠤᠨ ᠡᠷᠴᠢ ᠵᠣᠷᠢᠭ ᠢᠶᠠᠨ ᠬᠥᠪᠴᠢᠯᠡᠵᠦ᠂ ᠴᠠᠭ ᠮᠥᠴᠡ ᠶᠢ ᠠᠮᠵᠢᠨ ᠴᠠᠭ ᠮᠥᠴᠡ ᠶᠢ ᠠᠮᠵᠢᠵᠤ᠂ ᠬᠦᠴᠦᠯᠡᠨ ᠴᠢᠷᠮᠠᠶᠢᠵᠤ᠂ ᠭᠤᠷᠪᠠᠳᠤᠭᠠᠷ᠂ ᠳᠥᠷᠪᠡᠳᠦᠭᠡᠷ ᠤᠯᠠᠷᠢᠯ ᠤᠨ ᠡᠷᠬᠡ ᠴᠢᠯᠥᠭᠡ ᠪᠠᠨ ᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠣᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠪᠣᠯᠤᠨ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号