| | 7 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ | ᠱᠦᠵᠢ ᠰᠦᠬᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ | ᠱᠠᠨᠳᠦ᠋ᠩ ᠤᠨ ᠰᠢᠨ᠎ᠡ ᠶᠢ ᠡᠭᠦᠳᠬᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠼᠦᠢ ᠯᠢ ᠰᠢᠨ ᠨᠡᠷ ᠲᠠᠢ | ᠠᠭᠤᠯᠵᠠᠪᠠ᠃ | ᠰᠦᠬᠡ ᠼᠦᠢ ᠯᠢ ᠰᠢᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠱᠠᠨᠳᠦ᠋ᠩ ᠤᠨ | ᠰᠢᠨ᠎ᠡ ᠶᠢ ᠡᠭᠦᠳᠬᠦ ᠪᠦᠯᠦᠭᠯᠡᠯ ᠤᠨ ᠲᠤᠬᠠᠶᠢᠯᠠᠭᠰᠠᠨ ᠠᠵᠢᠯ ᠥᠷᠭᠡᠨ ᠳᠡᠯᠭᠡᠷ᠂ ᠪᠣᠳᠠᠲᠤ ᠬᠦᠴᠦᠨ ᠢᠶᠠᠷ ᠴᠢᠩᠭ᠎ᠠ᠂ | ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤᠲᠠᠢ᠂ ᠳᠠᠯᠳᠠ ᠬᠦᠴᠦᠨ | ᠯᠤᠲᠤ ᠶᠡᠭᠡ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ | ᠦᠷ᠎ᠡ ᠪᠦᠲᠦᠭᠡᠯ ᠢᠶᠠᠨ ᠤᠯᠠᠮ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠴᠠᠬᠢᠭᠤᠷ ᠴᠢᠯᠠᠭᠤ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠪᠤᠬᠢᠷᠳᠦᠯ ᠦᠭᠡᠢ ᠴᠠᠬᠢᠯᠭᠠᠨ ᠢ ᠲᠤᠬᠠᠢ ᠶᠢᠨ ᠭᠠᠵᠠᠷ ᠲᠤᠨᠢ ᠰᠢᠩᠭᠡᠭᠡᠬᠦ ᠵᠡᠷᠭᠡ | ᠲᠠᠯ᠎ᠠ ᠪᠠᠷ ᠭᠦᠨᠵᠡᠭᠡᠢ ᠵᠣᠯᠭᠠᠭᠤᠯᠤᠨ ᠬᠠᠮᠵᠢᠯᠴᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠦᠢ ᠯᠢ ᠰᠢᠨ ᠱᠠᠨᠳᠦ᠋ᠩ ᠤᠨ ᠰᠢᠨ᠎ᠡ ᠶᠢ ᠡᠭᠦᠳᠬᠦ ᠪᠦᠯᠦᠭᠯᠡᠯ ᠤᠨ ᠬᠥᠭᠵᠢᠯᠲᠡ ᠶᠢᠨ ᠪᠠᠶᠢᠳᠠᠯ ᠢ | ᠲᠠᠨᠢᠯᠴᠠᠭᠤᠯᠤᠭᠰᠠᠨ ᠪᠥᠭᠡᠳ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠰᠠᠨᠠᠭᠤᠯᠭ᠎ᠠ ᠳᠤᠷᠠᠳᠴᠠᠢ᠃ ᠲᠡᠷᠡ᠂ ᠡᠬᠢ ᠪᠠᠶᠠᠯᠢᠭ᠂ ᠠᠵᠤ | ᠦᠢᠯᠡᠰ᠂ ᠪᠡᠯᠡ ᠮᠥᠩᠭᠦ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠯᠤᠭ᠎ᠠ ᠪᠦᠬᠦ | ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠡᠮᠵᠢᠨ᠎ᠠ ᠭᠡᠵᠦ ᠢᠯᠡᠳᠬᠡᠪᠡ᠃ | ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠯᠢᠶᠠᠩ ᠶᠠᠨ ᠵᠢᠶᠦ᠋ᠨ ᠠᠭᠤᠯᠵᠠᠯᠲᠠ ᠳᠤ ᠣᠷᠣᠯᠴᠠᠪᠠ᠃ | |