ᠰᠦᠬᠡ ᠬᠢᠩᠭᠠᠨ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠵᠢᠵᠢᠭᠦᠷᠯᠡᠨ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2024/7/22
    7 ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ  ᠰᠦᠬᠡ ᠬᠢᠩᠭᠠᠨ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ ᠲᠤ ᠵᠢᠵᠢᠭᠦᠷᠯᠡᠨ ᠰᠤᠷᠪᠤᠯᠵᠢᠯᠠᠭ᠎ᠠ ᠶᠢ ᠭᠥᠯᠢᠶᠡᠨ ᠠᠪᠴᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠤᠳᠤᠯᠤᠨ  ᠰᠢᠢᠳᠪᠦᠷᠢᠯᠡᠪᠡ ᠃     ᠰᠦᠬᠡ ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠲᠠᠢ ᠬᠤᠯᠪᠣᠭᠳᠠᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠬᠠᠶᠢᠷ᠎ᠠ ᠰᠡᠳᠬᠢᠯᠭᠡ᠂ ᠬᠠᠷᠢᠭᠤᠴᠠᠯᠭ᠎ᠠ ᠶᠢ ᠡᠪᠦᠷᠯᠡᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ︽ᠬᠦᠷᠭᠡᠵᠦ ᠢᠷᠡᠭᠰᠡᠨ ᠤᠯᠠᠨ ᠲᠦᠮᠡᠨ ᠤ ᠠᠵᠢᠯ︾ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢᠨ ᠶᠣᠰᠣᠭᠠᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠭᠤᠯᠤᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号