ᠵᠠᠯᠠᠶᠢᠳ ᠬᠤᠰᠢᠭᠤᠨ ᠤ ᠠᠮᠢ ᠠᠬᠤᠢ ᠤᠷᠴᠢᠨ ᠳᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡ ᠠᠩᠬᠢ ᠠᠮᠤᠷ ᠲᠦᠪᠰᠢᠨ ᠤ ᠤᠬᠠᠭᠤᠯᠭ᠎ᠠ ᠬᠢᠪᠡ
ᠨᠡᠶᠢᠲᠡᠯᠡᠭᠰᠡᠨ ᠴᠠᠭ᠄
2024/7/23
          ᠪᠦᠬᠦ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠂ ᠡᠯ᠎ᠠ ᠭᠠᠵᠠᠷ ᠤᠷᠤᠨ ᠤ ᠵᠢᠭᠤᠯᠴᠢᠯᠠᠬᠰᠠᠳ ᠲᠤ ᠠᠮᠤᠷ ᠲᠦᠪᠰᠢᠨ ᠪᠤᠯᠪᠠᠰᠤᠨ ᠰᠠᠶᠢᠨ ᠰᠠᠶᠢᠬᠠᠨ ᠵᠢᠭᠤᠯᠴᠢᠯᠠᠯ ᠤᠨ ᠤᠷᠴᠢᠨ ᠨᠦᠬᠦᠴᠡᠯ ᠬᠠᠨᠭ᠍ᠭᠠᠬᠤ ᠪᠠᠷ᠂ ᠥᠢᠷ᠎ᠠ ᠳᠤ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠤᠷᠴᠢᠨ ᠳᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡ ᠠᠩᠭᠢ ᠠᠴᠠ ︽ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠦᠵᠡᠮᠵᠢ ᠶᠢᠨ ᠣᠷᠣᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠳᠠᠯᠠᠪᠤᠷ ᠲᠤ᠂ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠲᠤᠬᠠᠢ ᠶᠢᠨ ᠳᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠵᠢᠭᠤᠯᠴᠢᠯᠠᠬᠰᠠᠳ ᠲᠤ ᠠᠮᠤᠷ ᠲᠦᠪᠰᠢᠨ ᠢᠶᠠᠷ ᠵᠢᠭᠤᠯᠴᠢᠯᠠᠬᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠤᠢ ᠰᠢᠭᠤᠢ ᠶᠢᠨ ᠭᠠᠯ ᠰᠡᠷᠭᠡᠶᠢᠯᠡᠵᠤ ᠤᠨᠳᠠᠷᠠᠭᠠᠬᠤ᠂ ᠠᠮᠢ ᠠᠬᠤᠢ ᠶᠢᠨ ᠬᠠᠮᠠᠭᠠᠯᠠᠯᠲᠠ ᠵᠢᠴᠢ ᠵᠢᠭᠤᠯᠴᠢᠯᠠᠬᠰᠠᠳ ᠲᠤ ᠬᠤᠯᠪᠣᠭᠳᠠᠭᠰᠠᠨ ᠵᠢᠭᠤᠷᠠᠯᠳᠤᠭᠠᠨ ᠢ ᠰᠶᠢᠳᠪᠦᠷᠢᠯᠡᠬᠦ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠵᠢᠭᠤᠯᠴᠢᠯᠠᠬᠰᠠᠳ ᠢ ᠬᠦᠳᠦᠯᠦᠨ ᠵᠢᠯᠣᠭᠤᠳᠴᠤ ᠪᠠᠶᠢᠭᠠᠳ ᠪᠣᠯᠪᠠᠰᠤᠨ ᠠᠮᠤᠷ ᠲᠦᠪᠰᠢᠨ ᠢᠶᠠᠷ ᠵᠢᠭᠤᠯᠴᠢᠯᠠᠬᠤ ᠶᠢ ᠰᠠᠨᠠᠭᠤᠯᠤᠬᠰᠠᠨ ᠮᠦᠷᠳᠡᠭᠡᠨ ᠦᠵᠡᠮᠵᠢ ᠶᠢᠨ ᠤᠷᠤᠨ ᠤ ᠬᠤᠳᠠᠯᠳᠤᠭᠠᠴᠢᠳ ᠲᠤ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠵᠢᠭᠤᠯᠴᠢᠯᠠᠬᠰᠠᠳ ᠲᠤ ᠬᠠᠯᠠᠭᠤᠮᠰᠤᠬ ᠢᠶᠠᠷ ᠦᠢᠯᠡᠴᠢᠯᠡᠬᠦ ᠶᠢᠨ ᠴᠢᠬᠤᠯᠠ ᠴᠢᠨᠠᠷ ᠢ ᠲᠠᠶᠢᠯᠪᠤᠷᠢᠯᠠᠵᠥ᠂ ᠬᠤᠳᠠᠯᠳᠤᠭᠠᠴᠢᠳ ᠤᠨ ᠡᠵᠡᠩᠨᠡᠯᠲᠡ ᠶᠢᠨ ᠠᠵᠢᠯᠯᠠᠭ᠎ᠠ ᠪᠠᠨ ᠵᠢᠷᠤᠮᠵᠢᠭᠤᠯᠤᠨ ᠰᠢᠯᠢᠳᠡᠭᠵᠢᠬᠦᠯᠬᠦ ᠶᠢ ᠴᠢᠩᠭᠠᠳᠬᠠᠵᠠᠢ᠃ ᠳᠠᠷᠠᠭᠠᠴᠢ ᠪᠠᠷ᠂ ᠵᠠᠯᠠᠶᠢᠳ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠤᠨ ᠶᠠᠯᠠᠳᠦ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡ ᠠᠩᠬᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶ᠎ᠠ ᠣᠷᠣᠨ ᠤ ᠪᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠵᠢᠯᠯᠠᠭᠴᠢ ᠶᠢᠨ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ ᠲᠣᠭᠲᠠᠭᠤᠨ᠂ ᠡᠮᠬᠢ ᠵᠢᠷᠤᠮ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠵᠢᠭᠤᠯᠴᠢᠯᠠᠬᠰᠠᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠳᠤᠷ ᠬᠠᠮᠠᠭᠠᠯᠠᠵᠦ᠂ ᠵᠠᠯᠠᠶᠢᠳ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠳᠠ ᠳᠤ ᠬᠦᠴᠦᠨ ᠨᠡᠮᠡᠷᠢᠯᠡᠬᠦ ᠪᠤᠯᠤᠨ᠎ᠠ᠃ ︵ᠴᠧᠨ ᠴᠠᠬᠢᠷᠮ᠎ᠠ︶   
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号