ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
       7 ᠰᠠᠷ᠎ᠠ ᠶᠢᠨ 16 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠢ ᠯᠢᠨ ᠬᠤᠷᠠᠯ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠴᠢ ᠯᠢᠨ᠂ ᠪᠥᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠪᠠᠰᠠ ᠴᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠤᠷᠤᠯᠴᠠᠯᠭ᠎ᠠ ᠬᠦᠮᠦᠵᠢᠯ ᠪᠠ ᠰᠠᠬᠢᠯᠭ᠎ᠠ ᠪᠠᠲᠤ ᠶᠢ ᠰᠠᠬᠢᠬᠤ ᠶᠢ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠨᠠᠮ᠂ ᠠᠵᠢᠯ ᠦᠢᠯᠡᠰ᠂ ᠣᠯᠠᠨ ᠲᠦᠮᠡᠨ ᠳᠤ ᠬᠠᠷᠢᠭᠤᠴᠠᠬᠤ ᠣᠪᠣᠷ ᠢᠶᠠᠷ ᠲᠣᠰ ᠪᠡᠶ᠎ᠡ ᠶᠢᠨ ᠠᠵᠢᠯ ᠢᠶᠠᠨ ᠰᠠᠶᠢᠲᠤᠷ ᠬᠢᠵᠦ᠂ ᠣᠯᠠᠨ ᠲᠦᠮᠡᠨ ᠤ ᠠᠵᠢᠯ ᠢ ᠪᠣᠳᠠᠲᠠᠶ ᠬᠢᠵᠦ᠂ ᠵᠣᠬᠢᠶᠠᠨ ᠪᠠᠶᠢᠭᠤᠯᠤᠯᠲᠠ ᠶᠢᠨ ᠲᠤᠰᠢᠶᠠᠭᠰᠠᠨ ᠡᠭᠦᠷᠭᠡ ᠳᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠰᠠᠬᠢᠯᠭ᠎ᠠ ᠪᠠᠲᠤ ᠶᠢ ᠣᠶᠢᠯᠠᠭᠠᠬᠤ ᠶᠢ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠪᠣᠯᠭᠠᠵᠤ᠂ ᠤᠯᠠᠨ ᠲᠦᠮᠡᠨ ᠪᠠ ᠵᠣᠬᠢᠶᠠᠨ ᠪᠠᠶᠢᠭᠤᠯᠤᠯᠲᠠ ᠠᠴᠠ ᠣᠯᠭᠤᠭᠰᠠᠨ ᠡᠷᠬᠡ ᠶᠢ ᠢᠮᠠᠭᠲᠠ ᠪᠢᠰᠢᠷᠡᠨ ᠵᠢᠷᠦᠬᠡᠰᠢᠶᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠢᠯᠡᠳᠦᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠃ ᠰᠠᠬᠢᠯᠭ᠎ᠠ ᠪᠠᠲᠤ ᠶᠢ ᠲᠣᠳᠣᠷᠬᠠᠶᠢᠯᠠᠬᠤ ᠶᠢ ᠢᠯᠡ ᠬᠢᠵᠠᠭᠠᠷᠯᠠᠯ ᠪᠣᠯᠭᠠᠵᠤ᠂ ︽ᠬᠤᠶᠠᠷ ᠶᠡᠭᠡ ᠶᠠᠪᠤᠳᠠᠯ︾ ᠤᠨ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ᠂ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠣᠷᠣᠨ ᠪᠦᠰᠡ ᠶᠢᠨ ᠥᠨᠳᠥᠷ ᠪᠠᠷᠢᠮᠵᠢᠶ᠎ᠠ᠂ ᠪᠦᠬᠦ ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠠᠯᠬᠢ ᠭᠡᠷᠡᠯ ᠴᠠᠬᠢᠯᠭᠠᠨ ᠢ ᠨᠡᠭᠡᠭᠡᠨ ᠬᠥᠭᠵᠢᠭᠦᠯᠬᠦ ᠲᠦᠷᠦᠯ ᠵᠦᠢᠯ᠂ ᠤᠰᠤᠨ ᠲᠤᠲᠤᠷᠭ᠎ᠠ ᠶᠢᠨ ᠪᠦᠬᠦ ᠠᠵᠤ ᠦᠢᠯᠡᠰ ᠤᠨ ᠬᠡᠯᠬᠢᠶ᠎ᠡ᠂ ᠲᠤᠯᠠᠭᠠᠯᠠᠭ᠎ᠠ ᠶᠢᠨ ᠢᠨᠵᠧᠨᠧᠷᠢᠩ᠂ ᠭᠠᠩ ᠬᠠᠭᠰᠠᠷᠠᠭᠠᠨ ᠤ ᠤᠰᠤ ᠶᠢ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ᠳᠠᠷᠤᠯᠲᠠ ᠦᠭᠴᠣ ᠰᠢᠳᠬᠡᠬᠦ ᠪᠠᠶᠢᠳᠠᠯ ᠢ ᠪᠠᠲᠤᠯᠠᠵᠤ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠰᠠᠬᠢᠯᠭ᠎ᠠ ᠪᠠᠲᠤ ᠶᠢ ᠰᠠᠬᠢᠬᠤ ᠶᠢ ᠣᠷᠣᠰᠢᠨ ᠲᠣᠭᠲᠠᠨᠢᠬᠤ ᠶᠢᠨ ᠦᠨᠳᠦᠰᠦ ᠪᠣᠯᠭᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠢᠮᠠᠭᠲᠠ ᠥᠪᠡᠷ ᠢ ᠪᠠᠨ ᠰᠡᠷᠡᠮᠵᠢᠯᠡᠭᠦᠯᠵᠦ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠲᠠᠰᠤᠷᠠᠯᠲᠠ ᠥᠬᠡᠶ ᠪᠠᠳᠠᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠰᠤᠮᠤ ᠰᠢᠶᠠᠩ ᠪᠠᠯᠭᠠᠰᠤ ︵ᠲᠥᠪ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃     
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ  ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号