ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
     7 ᠳ᠋ᠤᠭᠠᠷ ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠠᠯᠠᠶᠢᠳ ᠬᠤᠰᠢᠭᠤᠨ ᠤ ᠲᠤᠲᠤᠷᠭ᠎ᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠬᠥᠭᠵᠢᠯᠲᠡ ᠂ ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠥᠲᠥᠭᠡᠨ ᠪᠠᠶᠢᠭᠤᠯᠤᠯᠲᠠ ᠵᠡᠷᠭᠡ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ︽ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠠᠶᠢᠵᠤ ᠪᠡᠶ᠎ᠡ ᠪᠠᠨ ᠳᠠᠭᠠᠭᠠᠬᠤ︾ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠶᠢᠨ ᠭᠦᠨᠵᠡᠭᠡᠢ ᠠᠭᠤᠯᠤᠭᠳᠠᠬᠤᠨ ᠢ ᠣᠨᠣᠪᠴᠢᠲᠠᠢ ᠡᠵᠡᠮᠳᠡᠵᠦ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠵᠥᠩᠨᠡᠯᠲᠡ ᠶᠢᠨ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠤᠯᠠᠮ ᠴᠢᠨᠠᠭᠰᠢᠳᠠ ᠴᠢᠩᠭᠠᠳᠬᠠᠵᠤ᠂ ᠰᠢᠰᠲ᠋ᠧᠮᠲᠦ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ  ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠢᠭᠤᠯᠴᠢᠯᠠᠯ ᠤᠨ  ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ᠂ ᠨᠠᠷᠠᠲᠤ ᠲᠥᠷᠥᠯ ᠲᠡᠮᠳᠡᠭᠲᠦ ᠶᠢᠨ ᠴᠣᠭᠴᠠᠯᠠᠯᠲᠠ᠂ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠬᠡᠯᠪᠡᠷᠢ ᠪᠠᠷ ᠠᠮᠢᠳᠤᠯᠢᠭ ᠪᠣᠯᠭᠠᠵᠤ᠂ ᠵᠠᠯᠠᠶᠢᠳ ᠬᠤᠰᠢᠭᠤᠨ ᠤ ᠲᠤᠲᠤᠷᠭ᠎ᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠬᠤ ᠬᠡᠷᠡᠭᠲᠡᠶ᠃ ᠬᠢᠩᠭᠠᠨ ᠠᠶᠢᠮᠠᠭ ᠤᠨ ︽ᠡᠳᠦᠷ ᠪᠦᠷᠢ ᠶᠢᠨ ᠨᠠᠭᠠᠳᠤᠮ︾ ᠤᠨ ᠵᠠᠬ᠎ᠠ ᠳᠡᠯᠭᠡᠭᠦᠷᠴᠢᠯᠡᠬᠦ᠂ ᠬᠡᠪᠴᠢᠶᠡᠵᠢᠭᠦᠯᠬᠦ᠂ ᠦᠷᠭᠦᠯᠵᠢᠯᠡᠬᠦ ᠵᠡᠷᠭᠡ ᠣᠨᠴᠠᠯᠢᠭ ᠢᠶᠠᠷ ᠭᠤᠤᠯᠯᠠᠭᠤᠯᠤᠨ᠂ ᠵᠢᠭᠤᠯᠴᠢᠯᠠᠭᠴᠢᠳ ᠤᠨ ᠰᠡᠳᠬᠢᠬᠦᠶ ᠶᠢ ᠬᠡᠷᠡᠭᠯᠡᠨ᠂ ᠠᠬᠤᠶ ᠲᠠᠯᠠᠪᠠᠶ ᠶᠢᠨ ᠵᠢᠷᠤᠭ ᠲᠥᠯᠥᠪᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠠᠭᠤᠴᠢᠯᠠᠭᠤᠷ ᠤᠨ ᠤᠬᠠᠭᠤᠯᠭ᠎ᠠ ᠶᠢ ᠴᠢᠩᠭᠠᠳᠬᠠᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ ᠤᠨᠴᠠᠯᠢᠬᠳᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠬᠤ ᠬᠡᠷᠡᠭᠲᠡᠶ ᠭᠡᠪᠡ ᠃    ᠬᠤᠷᠠᠯ ᠠᠴᠠ ᠴᠢᠩᠭᠠᠳᠬᠠᠭᠰᠠᠨ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠳᠤ ᠠᠬᠢᠭᠤᠯᠬᠤ ᠦᠢᠯᠡᠳᠦᠯ ᠦᠵᠡᠭᠦᠯᠬᠦ ᠬᠢᠯᠠᠰ ᠴᠡᠭ ᠤᠨ ᠳᠦᠷᠦᠯ ᠵᠦᠢᠯ ᠪᠣᠯᠤᠨ ᠭᠤᠣᠯᠳᠠᠯᠭ᠎ᠠ ᠲᠠᠢ ᠡᠭᠦᠷᠭᠡ ᠶᠢ ᠦᠨᠡᠨᠬᠦ ᠰᠠᠶᠢᠲᠤᠷ ᠠᠳᠬᠤᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠦᠳᠦᠬᠡᠨ ᠪᠠᠶᠢᠭᠤᠯᠤᠯᠲᠠ ᠶᠢᠨ ᠰᠢᠨ᠎ᠡ ᠵᠠᠭᠪᠤᠷ᠂ ᠰᠢᠨ᠎ᠡ  ᠵᠢᠱᠢᠶ᠎ᠡ ᠶᠢ ᠤᠯᠠᠨ ᠲᠠᠯ᠎ᠠ ᠠᠴᠠ ᠰᠦᠪᠡᠭᠴᠢᠯᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠬᠡᠨ ᠪᠠᠶᠢᠭᠤᠯᠤᠯᠲᠠ ᠶᠢᠨ ᠳᠤᠮᠳᠠ ᠲᠦᠷᠦᠭᠦᠯᠡᠵᠦ᠂ ᠦᠯᠢᠬᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠵᠦᠢᠯᠡᠰ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠷᠡᠰ ᠡᠵᠡᠮᠳᠡᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ  ᠭᠡᠪᠡ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号