ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
    7 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ  ᠵᠢᠭᠠᠵᠦ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ᠂ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠤ᠂ ᠢᠷᠡᠭᠡᠳᠦᠶ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠷ ᠪᠠᠶᠢᠷᠢᠯᠠᠭᠤᠯᠵᠠᠶ᠂ ᠡᠨᠡ ᠪᠣᠯ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠃ ᠪᠦᠬᠦ ᠠᠶᠢᠮᠠᠭ ᠤᠨ ᠡᠯ᠎ᠡ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠪᠥᠬᠦᠳᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠢᠩᠭᠠᠨ ᠠᠶᠢᠮᠠᠭ ᠤᠨ ᠬᠠᠭᠤᠳᠠᠰᠤ ᠶᠢ ᠳᠥᠯᠭᠢᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠶᠢ ᠬᠥᠮᠦᠵᠢᠭᠦᠯᠦᠨ  ᠵᠢᠯᠤᠭᠤᠳᠬᠤ ᠬᠡᠷᠡᠭᠲᠡᠢ ᠭᠡᠪᠡ᠃    ᠬᠤᠷᠠᠯ ᠠᠴᠠ  ᠴᠢᠬᠤᠯᠠᠴᠢᠯᠠᠭᠰᠠᠨ ᠨᠢ᠂ ᠰᠤᠷᠤᠯᠴᠠᠵᠦ ᠤᠬᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠵᠦ ᠰᠤᠳᠤᠯᠤᠨ ᠶᠠᠷᠢᠯᠴᠠᠬᠤ᠂ ᠨᠠᠮ ᠤᠨ ᠰᠤᠷᠭᠠᠭᠤᠯᠢ ᠶᠢᠨ ᠬᠥᠮᠦᠵᠢᠯ ᠪᠣᠯᠪᠠᠰᠤᠷᠠᠭᠤᠯᠤᠯ᠂ ᠲᠥᠪᠯᠡᠷᠡᠭᠦᠯᠦᠨ ᠤᠬᠠᠭᠤᠯᠵᠤ ᠤᠬᠠᠭᠤᠯᠤᠨ ᠲᠠᠶᠢᠯᠪᠤᠷᠢᠯᠠᠬᠤ ᠵᠡᠷᠭᠡ ᠤᠯᠠᠠ ᠵᠦᠢᠯ ᠤᠨ ᠬᠡᠯᠪᠡᠷᠢ ᠪᠠᠷ ᠳᠠᠮᠵᠢᠭᠤᠯᠵᠤ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠪᠣᠯᠤᠨ ᠪᠤᠢ ᠪᠦᠬᠦᠢ ᠨᠠᠮ ᠤᠨ ᠭᠡᠰᠢᠭᠦᠨ ᠺᠠᠳ᠋ᠷ ᠲᠤ ᠴᠠᠭ ᠲᠤᠬᠠᠢ ᠳᠤᠨᠢ ᠤᠯᠠᠮᠵᠢᠯᠠᠵᠤ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠵᠡᠷᠭᠡ ᠭᠤᠣᠯ ᠠᠵᠢᠯ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠠᠷᠠᠯᠲᠠ ᠪᠠ ᠠᠷᠭ᠎ᠠ ᠵᠠᠮ ᠢ ᠰᠢᠰᠲᠧᠮ ᠲᠠᠢ ᠰᠦᠪᠡᠭᠴᠢᠯᠡᠵᠦ᠂ ᠲᠡᠭᠦᠨ ᠢ ᠨᠡᠩ ᠰᠠᠶᠢᠨ ᠢᠶᠠᠷ ᠰᠢᠨᠵᠢᠯᠡᠬᠦ ᠤᠬᠠᠭᠠᠨᠴᠢ ᠰᠡᠳᠬᠢᠴᠡ ᠠᠷᠭ᠎ᠠ ᠬᠡᠮᠵᠢ᠊ ᠡᠶ᠎ᠡ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠩᠭᠠᠨ ᠠᠶᠢᠮᠠᠭ ᠲᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号