ᠳᠠᠬᠢᠨᠲᠠ ᠥᠨᠳᠥᠷ ᠲᠤ ᠠᠪᠠᠷᠢᠨ ᠰᠢᠨ᠎ᠡ ᠶᠢᠷᠲᠢᠨᠴᠦ ᠶᠢ ᠨᠡᠭᠡᠭᠡᠨ᠎ᠡ — ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠮᠡᠨᠳᠦᠯᠡᠭᠰᠡᠨ ᠲᠡᠮᠳᠡᠭᠯᠡᠯ
ᠨᠡᠶᠢᠲᠡᠯᠡᠭᠰᠡᠨ ᠴᠠᠭ᠄
2024/7/25
         ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 22 ᠤᠨ ᠴᠠᠭᠢᠯᠭᠠᠨ ᠮᠡᠳᠡᠭᠡ︶ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠡᠶᠢᠰᠢ ᠡᠷᠡᠮᠡᠬᠡᠶᠢᠯᠡᠨ ᠤᠷᠤᠭᠰᠢᠯᠠᠬᠤ ᠳᠤᠮᠳᠠ᠂ ᠨᠠᠮ ᠪᠣᠯᠣᠨ ᠤᠯᠤᠰ ᠪᠠᠰᠠ ᠨᠢᠭᠡᠨ ᠲᠡᠦᠬᠡᠲᠦ ᠴᠢᠨᠠᠷᠲᠠᠢ ᠴᠠᠭ ᠮᠥᠴᠡ ᠶᠢ ᠤᠭᠲᠤᠨ ᠠᠪᠤᠯ᠎ᠠ —    2024 ᠣᠨ ᠤ 7 ᠰᠠᠷ᠎ᠠ ᠶᠢᠨ 18 ᠤ ᠦᠳᠡ ᠶᠢᠨ ᠬᠤᠶᠢᠨ᠎ᠠ᠂ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠳᠤᠮᠳᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠵᠢᠩᠬᠢᠨᠢ ᠪᠠᠷ ᠪᠠᠲᠤᠯᠠᠪᠠ᠃    ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠲᠡᠦᠬᠡ ᠶᠢᠨ ᠵᠠᠩᠭᠢᠯᠠᠭ᠎ᠠ ᠳᠡᠭᠡᠷ᠎ᠡ ᠵᠣᠭᠰᠣᠵᠤ᠂ ᠪᠠᠰᠠ ᠨᠢᠭᠡ ᠤᠳᠠᠭ᠎ᠠ ᠶᠢᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠬᠤᠷᠠᠯ ᠠᠮᠵᠢᠯᠲᠠ ᠲᠠᠢ ᠬᠤᠷᠠᠯᠳᠤᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠤᠷᠤᠭᠰᠢᠯᠠᠯᠲᠠ ᠶᠢᠨ ᠪᠦᠷᠢᠶ᠎ᠡ ᠲᠤᠮᠳᠠᠳᠤ ᠶᠢᠨ ᠡᠬᠡ ᠭᠠᠵᠠᠷ ᠲᠤ ᠬᠠᠩᠭᠢᠨᠠᠯ᠎ᠠ᠃    ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠩ ᠵᠣᠷᠢᠭ ᠬᠤᠪᠢᠷᠠᠰᠢ ᠦᠭᠡᠢ ᠪᠠᠷ ᠵᠣᠷᠢᠭᠲᠠᠢ ᠪᠠᠷ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ ᠨᠡᠭᠡᠭᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠠᠬᠢᠭᠤᠯᠪᠠ᠃    ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ ᠴᠠᠭ ᠦᠶ᠎ᠡ ᠶᠢᠨ ᠰᠡᠳᠦᠪ ᠲᠤ ᠬᠠᠷᠢᠭᠤᠯᠲᠠ ᠥᠭᠭᠦᠨ᠎ᠡ — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠥᠯᠥᠭᠡᠯᠡᠬᠦ ᠪᠠᠶᠢᠭᠤᠯᠤᠯ ᠲᠣᠭᠲᠠᠴᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠨᠡᠭᠡᠭᠡᠯᠲᠡ ᠭᠡᠬᠦ ᠴᠢᠬᠤᠯᠠ ᠡᠷᠳᠡᠨᠢ ᠶᠢ ᠰᠠᠶᠢᠲᠤᠷ ᠬᠡᠷᠡᠭᠯᠡᠵᠦ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠨ᠎ᠡ    2024 ᠣᠨ ᠤ 4 ᠰᠠᠷ᠎ᠠ ᠶᠢᠨ ᠡᠴᠦᠰ ᠢᠶᠠᠷ᠂ ᠨᠢᠭᠡᠨ ᠴᠢᠬᠤᠯᠠ ᠮᠡᠳᠡᠭᠡ ᠰᠢᠨᠬᠤᠸᠠ ᠬᠤᠷᠢᠶᠠᠨ ᠤ ᠴᠠᠭᠢᠯᠭᠠᠨ ᠳᠣᠯᠭᠢᠶᠠᠨ ᠢᠶᠠᠷ ᠳᠠᠮᠵᠢᠨ ᠬᠥᠬᠡᠮᠥ᠋ᠷᠡᠨ ᠤ ᠡᠮᠦᠨ᠎ᠡ ᠤᠮᠠᠷ᠎ᠠ ᠳᠤ ᠲᠠᠷᠬᠠᠪᠠ —    ︽ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ ᠤᠨ 7 ᠰᠠᠷ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠬᠤ ᠪᠠᠷ ᠲᠣᠭᠲᠠᠪᠠ︾᠃    ︽ᠳᠤᠮᠳᠠᠳᠤ ᠤᠯᠤᠰ ᠤᠨ ᠤᠯᠤᠰ ᠲᠥᠷᠥ ᠶᠢᠨ ᠠᠵᠢᠯ ᠤᠨ ᠳᠠᠷᠠᠭᠠᠯᠠᠯ ᠤᠨ ᠬᠦᠰᠦᠨᠦᠭᠲᠦ ᠳᠡᠭᠡᠷᠡᠬᠢ ᠬᠠᠮᠤᠭ ᠤᠨ ᠴᠢᠬᠤᠯᠠ ᠬᠤᠷᠠᠯ ᠤᠨ ᠨᠢᠭᠡ︾᠂ ︽ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠤᠳᠠᠭ᠎ᠠ ᠪᠦᠷᠢ ᠶᠢᠨ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠴᠥᠮ ᠥᠭᠡᠷᠡᠴᠢᠯᠡᠯᠲᠡ ᠶᠢᠨ ᠵᠥᠪᠯᠡᠬᠦ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠢᠷᠡᠭᠡᠳᠦᠢ ᠶᠢᠨ ᠲᠠᠪᠤ ᠠᠴᠠ ᠠᠷᠪᠠᠨ ᠵᠢᠯ ᠤᠨ ᠬᠥᠭᠵᠢᠯᠲᠡ ᠶᠢ ᠤᠬᠠᠭᠠᠯᠠᠨ ᠲᠥᠯᠥᠪᠯᠡᠵᠦ ᠪᠠᠶᠢᠷᠢᠯᠠᠭᠤᠯᠤᠯᠲᠠ ᠬᠢᠭᠰᠡᠨ ᠪᠠᠶᠢᠨ᠎ᠠ᠂ ᠡᠶᠢᠮᠦ ᠠᠴᠠ ᠬᠥᠮᠥᠰ ᠨᠡᠩ ᠢᠯᠡᠭᠦᠦ ᠬᠦᠰᠡᠨ ᠬᠦᠯᠢᠶᠡᠨ᠎ᠡ︾ ᠁ ᠤᠯᠤᠰ ᠤᠨ ᠳᠣᠲᠣᠭᠠᠳᠤ ᠭᠠᠳᠠᠭᠠᠳᠤ ᠶᠢᠨ ᠠᠩᠬᠠᠷᠤᠯ ᠤᠨ ᠬᠠᠷᠠᠴᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷᠡᠬᠢ ᠪᠠᠰᠠ ᠨᠢᠭᠡ ᠤᠳᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠤ ᠲᠥᠪᠯᠡᠷᠡᠭᠰᠡᠨ ᠪᠠᠶᠢᠨ᠎ᠠ᠃    ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠨᠢ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠳᠤ ᠬᠦᠨᠳᠦ ᠴᠢᠬᠤᠯᠠ ᠬᠤᠪᠢ ᠶᠢᠨ ᠵᠢᠩ ᠢ ᠡᠵᠡᠯᠡᠬᠦ ᠶᠤᠮ᠃    ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠪᠣᠯ ᠴᠠᠭ ᠦᠶ᠎ᠡ ᠶᠢ ᠵᠠᠭᠠᠭᠯᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠨᠡᠭᠡᠭᠡᠪᠡ᠃    ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠠᠭᠤᠤ ᠶᠡᠭᠡ ᠲᠡᠦᠬᠡ ᠶᠢᠨ ᠰᠠᠨᠠᠭᠠᠴᠢᠯᠠᠭᠠᠲᠤ ᠴᠢᠨᠠᠷ᠂ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠪᠡᠶ᠎ᠡ ᠪᠠᠷ ᠢᠶᠠᠨ ᠤᠬᠠᠭᠠᠯᠠᠨ ᠲᠥᠯᠥᠪᠯᠡᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠲᠦᠯᠬᠢᠨ ᠠᠬᠢᠭᠤᠯᠵᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠥᠷᠴᠦ ᠪᠣᠯᠣᠰᠢ ᠦᠭᠡᠢ ᠲᠡᠦᠬᠡᠨ ᠶᠠᠪᠤᠴᠠ ᠳᠤ ᠣᠷᠣᠪᠠ᠃    ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠤᠯᠤᠰ ᠲᠦᠷᠦ ᠶᠢᠨ ᠰᠥᠰᠥ ᠵᠣᠷᠢᠭ ᠪᠠ ᠲᠡᠦᠬᠡᠨ ᠡᠭᠦᠷᠭᠡᠯᠡᠯ ᠢᠶᠠᠷ᠂ ᠳᠠᠯᠠᠶᠢᠴᠠ ᠶᠡᠬᠡᠲᠡᠢ ᠡᠷᠡᠰ ᠰᠢᠭᠤᠷᠬᠠᠢ ᠪᠠᠷ᠂ ᠬᠢᠲᠤᠭᠠᠨ ᠢᠷ ᠢ ᠳᠣᠲᠣᠭᠰᠢ ᠪᠠᠨ ᠬᠠᠨᠳᠤᠭᠤᠯᠵᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠭᠰᠠᠨ ᠦᠭᠡᠢ ᠶᠤᠮ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ ᠶᠡᠭᠡ ᠬᠡᠪᠴᠢᠶ᠎ᠡ᠂ ᠡᠶᠢᠮᠦ ᠶᠡᠭᠡ ᠬᠡᠮᠵᠢᠶ᠎ᠡ᠂ ᠡᠶᠢᠮᠦ ᠶᠡᠭᠡ ᠡᠷᠴᠢᠮ ᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠴᠢᠳᠠᠭᠰᠠᠨ ᠦᠭᠡᠢ ᠶᠤᠮ᠂ ᠠᠯᠢ ᠴᠤ ᠤᠯᠤᠰ ᠪᠠ ᠲᠦᠷᠦ ᠶᠢᠨ ᠨᠠᠮ ᠭᠡᠳ ᠥᠭᠡᠷᠡᠴᠢᠯᠡᠯᠲᠡ ᠶᠢᠨ ᠠᠬᠢᠴᠠ ᠳᠤᠮᠳᠠ ᠡᠶᠢᠮᠦ ᠲᠡᠦᠬᠡᠲᠦ ᠴᠢᠨᠠᠷᠲᠠᠢ ᠬᠤᠪᠢᠰᠤᠯᠲᠠ ᠶᠢ ᠣᠯᠵᠤ᠂ ᠰᠢᠰᠲ᠋ᠧᠮᠲᠦ ᠴᠢᠨᠠᠷᠲᠠᠢ ᠪᠠᠷ ᠲᠠᠭᠢᠨ ᠴᠣᠭᠴᠠᠯᠠᠨ ᠪᠠᠶᠢᠭᠤᠯᠵᠤ᠂ ᠪᠦᠬᠦᠯᠢ ᠴᠣᠭᠴᠠ ᠶᠢᠨ ᠴᠢᠨᠠᠷᠲᠠᠢ ᠪᠠᠷ ᠲᠠᠭᠢᠨ ᠪᠠᠶᠢᠭᠤᠯᠵᠤ ᠴᠢᠳᠠᠭᠰᠠᠨ ᠦᠭᠡᠢ ᠶᠤᠮ᠃    ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠶᠢ ᠡᠷᠭᠢᠴᠡᠭᠦᠯᠬᠦᠶ᠎ᠡ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠴᠤ ᠴᠠᠭ ᠦᠶ᠎ᠡ ᠶᠢ ᠵᠠᠭᠠᠭᠯᠠᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠲᠥᠯᠥᠪᠯᠡᠨ ᠲᠦᠯᠬᠢᠨ ᠠᠬᠢᠭᠤᠯᠬᠤ ᠰᠢᠨ᠎ᠡ ᠠᠶᠠᠨ ᠵᠠᠮ ᠢ ᠡᠬᠢᠯᠡᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠨᠡᠭᠡᠭᠡᠪᠡ᠃    ᠴᠠᠭ ᠮᠥᠴᠡ ᠪᠣᠯ ᠦᠨᠡᠨᠴᠢ ᠰᠢᠳᠤᠷᠭᠤ ᠭᠡᠷᠡᠴᠢᠯᠡᠭᠴᠢ᠂ ᠠᠷᠠᠳ ᠲᠦᠮᠡᠨ ᠪᠣᠯ ᠠᠭᠤᠤ ᠶᠡᠭᠡ ᠪᠢᠴᠢᠭᠯᠡᠭᠴᠢ᠃    2022 ᠣᠨ ᠤ ᠠᠯᠳᠠᠨ ᠨᠠᠮᠤᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ —    ︽ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠶᠠᠪᠤᠳᠠᠯ ᠪᠣᠯᠣᠨ᠎ᠠ︾᠃    ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠠᠶᠠᠯᠠᠯ ᠨᠢ ᠪᠠᠰᠠ ᠨᠢᠭᠡᠨ ᠴᠣ ᠰᠢᠨ᠎ᠡ ᠲᠡᠮᠡᠴᠡᠯ ᠤᠨ ᠬᠠᠷᠠᠯᠲᠠ ᠪᠠᠶᠢᠷᠢᠯᠠᠯ ᠢ ᠲᠣᠳᠣᠷᠬᠠᠶᠢᠯᠠᠪᠠ᠃    ︽ᠰᠢᠨ᠎ᠡ ᠠᠶᠠᠨ ᠵᠠᠮ ᠳᠤ᠂ ᠶᠠᠭᠤᠨ ᠳᠤ ᠲᠦᠰᠢᠭᠯᠡᠨ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠢ ᠬᠤᠷᠠᠮᠳᠤᠭᠤᠯᠬᠤ ᠪᠤᠢ︖ ᠬᠠᠷᠢᠭᠤᠯᠲᠠ ᠨᠢ ᠳᠠᠷᠤᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠦᠰᠢᠭᠯᠡᠨ᠎ᠡ︾᠃ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠯᠤᠰ ᠲᠥᠷᠥᠴᠢᠨ᠂ ᠪᠣᠳᠣᠯᠭᠠᠲᠠᠨ᠂ ᠪᠠᠶᠢᠯᠳᠤᠬᠤ ᠪᠣᠳᠣᠯᠭᠠᠲᠠᠨ ᠤ ᠭᠦᠨᠵᠡᠭᠡᠢ ᠠᠵᠢᠭᠯᠠᠬᠤ ᠴᠢᠳᠠᠪᠤᠷᠢ ᠂ ᠬᠤᠷᠴᠠ ᠰᠡᠷᠭᠡᠭ ᠮᠠᠭᠠᠳᠯᠠᠬᠤ ᠴᠢᠳᠠᠪᠤᠷᠢ᠂ ᠤᠨᠤᠯ ᠤᠨ ᠪᠦᠲᠦᠭᠡᠯᠴᠢ ᠴᠢᠳᠠᠪᠤᠷᠢ ᠪᠠᠷ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ᠃    ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠃ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠣᠷᠴᠢᠨ ᠨᠥᠬᠦᠴᠡᠯ ᠤᠷᠢᠳ ᠡᠮᠦᠨ᠎ᠡ ᠪᠠᠶᠢᠭ᠎ᠠ ᠦᠭᠡᠢ ᠨᠠᠷᠢᠨ ᠪᠤᠳᠤᠯᠢᠶᠠᠨᠲᠠᠢ ᠪᠠᠶᠢᠵᠤ᠂ ᠡᠭᠦᠷᠭᠡᠯᠡᠵᠦ ᠪᠠᠶᠢᠭ᠎ᠠ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠤᠷᠢᠳ ᠡᠮᠦᠨ᠎ᠡ ᠪᠠᠶᠢᠭ᠎ᠠ ᠦᠭᠡᠢ ᠪᠡᠷᠬᠡ ᠬᠠᠲᠠᠭᠤᠵᠢᠯᠲᠠᠢ ᠪᠠᠶᠢᠵᠤ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠨᠢ ᠪᠢᠳᠡᠨ ᠳᠤ ᠨᠡᠩ ᠪᠡᠷᠬᠡ ᠬᠠᠲᠠᠭᠤᠵᠢᠯᠲᠠᠢ ᠰᠢᠯᠭᠠᠯᠲᠠ ᠶᠢᠨ ᠰᠡᠳᠦᠪ ᠳᠤᠷᠠᠳᠤᠭᠰᠠᠨ ᠪᠠᠶᠢᠨ᠎ᠠ᠃    ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠴᠠᠭ ᠦᠶ᠎ᠡ ᠳᠤ᠂ ᠬᠡᠷᠬᠢᠨ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠦᠷᠭᠦᠯᠵᠢᠯᠡᠨ ᠲᠡᠮᠡᠴᠡᠵᠦ᠂ ᠠᠶᠤᠯ ᠲᠦᠭᠰᠢᠭᠦᠷᠢ ᠶᠢᠨ ᠳᠤᠮᠳᠠ ᠰᠢᠨ᠎ᠡ ᠠᠵᠠ ᠲᠣᠭᠢᠶᠠᠯ ᠢ ᠪᠤᠢ ᠪᠤᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠪᠤᠢ︖    ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤᠴᠤᠳ ᠤᠨ ᠰᠣᠩᠭᠤᠯᠲᠠ ᠶᠢ ᠬᠦᠰᠡᠨ ᠪᠠᠷᠠᠯᠠᠵᠤ᠂ ᠴᠠᠭ ᠦᠶ᠎ᠡ ᠳᠤᠮᠳᠠᠳᠤ ᠤᠯᠤᠰ ᠤᠨ ᠡᠪ ᠬᠠᠮᠲᠤᠴᠤᠳ ᠤᠨ ᠬᠠᠷᠢᠭᠤᠯᠲᠠ ᠶᠢᠨ ᠬᠠᠭᠤᠳᠠᠰᠤ ᠶᠢ ᠬᠠᠷᠠᠵᠤ ᠪᠠᠶᠢᠨ᠎ᠠ᠃    ᠡᠨᠡ ᠤᠳᠠᠭ᠎ᠠ ᠶᠢᠨ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠶᠠᠮᠠᠷ ᠵᠥᠪᠯᠡᠬᠦ ᠵᠦᠢᠯ ᠢ ᠰᠤᠳᠤᠯᠬᠤ᠂ ᠶᠠᠮᠠᠷ ᠲᠣᠭᠲᠠᠭᠠᠯ ᠭᠠᠷᠭᠠᠬᠤ᠂ ᠶᠠᠮᠠᠷ ᠠᠷᠭ᠎ᠠ ᠬᠡᠮᠵᠢᠶ᠎ᠡ ᠠᠪᠬᠤ᠂ ᠶᠠᠮᠠᠷ ᠳᠣᠬᠢᠶ᠎ᠠ ᠲᠡᠮᠳᠡᠭ ᠢ ᠳᠠᠮᠵᠢᠭᠤᠯᠬᠤ ᠪᠤᠢ᠂ ᠨᠠᠮ ᠤᠨ ᠬᠤᠷᠢᠳᠤᠭᠠᠷ ᠶᠡᠭᠡ ᠬᠤᠷᠠᠯ ᠲᠡᠭᠦᠰᠦᠭᠰᠡᠨ ᠤ ᠳᠠᠷᠠᠭ᠎ᠠ ᠶᠡᠷᠦᠩᠬᠡᠢ ᠱᠦᠵᠢ ᠰᠢ ᠶᠢᠨ ᠫᠢᠩ ᠳᠠᠷᠤᠢ ᠡᠨᠡ ᠲᠤᠬᠠᠢ ᠭᠦᠨᠵᠡᠭᠡᠢ ᠪᠣᠳᠣᠯᠬᠢᠯᠠᠭᠰᠠᠨ ᠪᠠᠶᠢᠪᠠ᠃    ︽ᠥᠭᠡᠷᠡᠴᠢᠯᠡᠯᠲᠡ ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠳᠤ᠂ ᠮᠠᠨ ᠤ ᠤᠯᠤᠰ ᠲᠣᠮᠣ ᠠᠯᠬᠤᠭ᠎ᠠ ᠪᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠨᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠭᠰᠡᠨ ᠶᠤᠮ︾᠃    ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠨᠢ ᠮᠥᠨ ᠴᠦ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠭᠰᠡᠨ ᠶᠤᠮ︾᠃    ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠬᠦ ᠬᠡᠷᠡᠭᠲᠡᠢ︾᠃    ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠡᠭᠦᠯᠡ ᠰᠠᠷᠨᠢᠵᠤ ᠡᠳᠦᠷ ᠴᠡᠯᠮᠡᠭᠵᠢᠭᠦᠶ᠎ᠡ᠂ ᠶᠡᠷᠦᠩᠬᠡᠢ ᠱᠦᠵᠢ ᠰᠢ ᠶᠢᠨ ᠫᠢᠩ ᠤᠨ ᠮᠠᠭᠠᠳᠯᠠᠯᠲᠠ ᠴᠠᠴᠠᠨ ᠰᠡᠷᠭᠡᠭ ᠪᠥᠭᠡᠳ ᠡᠷᠡᠰ ᠪᠠᠲᠤ ᠪᠠᠶᠢᠯ᠎ᠠ᠃    ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠪᠠᠯ ᠰᠠᠶ᠋ᠢ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠵᠤ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ ᠬᠥᠭᠵᠢᠪᠡᠯ ᠰᠠᠶ᠋ᠢ ᠨᠡᠩ ᠥᠨᠳᠥᠷ ᠲᠤ ᠭᠠᠷᠴᠤ ᠴᠢᠳᠠᠨ᠎ᠠ —    ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔    ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔    ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠳᠤ ᠨᠡᠩ ᠰᠠᠶᠢᠲᠤᠷ ᠵᠣᠬᠢᠴᠠᠬᠤ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ︔    ᠬᠦᠨᠳᠦ ᠶᠡᠭᠡ ᠠᠶᠤᠯ ᠲᠦᠭᠰᠢᠭᠦᠷᠢ ᠰᠢᠯᠭᠠᠯᠲᠠ ᠶᠢ ᠠᠷᠭᠠᠴᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠲᠦᠯᠬᠢᠨ ᠠᠬᠢᠭᠤᠯᠬᠤ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ ᠁    2023 ᠣᠨ ᠤ 11 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠤᠷᠢᠳ ᠬᠤᠵᠢᠳ ᠬᠤᠷᠠᠯ ᠬᠤᠷᠠᠯᠳᠤᠭᠤᠯᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠠᠯᠤᠰ ᠭᠡᠲᠦ ᠶᠢᠨ ᠨᠥᠯᠥᠭᠡ ᠲᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠪᠠ — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠃    ᠡᠭᠦᠨ ᠤ ᠬᠠᠮᠲᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠢ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠪᠡᠶ᠎ᠡ ᠪᠠᠷ ᠢᠶᠠᠨ ᠡᠭᠦᠷᠭᠡᠯᠡᠵᠡᠢ᠃    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠭᠤᠣᠯ ᠰᠡᠳᠦᠪ ᠢ ᠶᠠᠭᠤᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷ ᠲᠣᠭᠲᠠᠭᠠᠭᠰᠠᠨ ᠪᠤᠢ︖    ᠶᠡᠷᠦᠩᠬᠡᠢ ᠱᠦᠵᠢ ᠰᠢ ᠶᠢᠨ ᠫᠢᠩ᠄ ︽ᠤᠯᠤᠰ ᠤᠨ ᠳᠣᠲᠣᠭᠠᠳᠤ ᠭᠠᠳᠠᠭᠠᠳᠤ ᠳᠤ ᠪᠢᠳᠡᠨ ᠤ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠡᠷᠡᠰ ᠭᠤᠶᠢᠪᠢᠰᠢ ᠦᠭᠡᠢ ᠥᠨᠳᠥᠷ ᠮᠠᠨᠳᠤᠭᠤᠯᠬᠤ ᠴᠢᠩᠭ᠎ᠠ ᠳᠣᠬᠢᠶ᠎ᠠ ᠶᠢ ᠳᠠᠮᠵᠢᠭᠤᠯᠬᠤ ᠬᠡᠷᠡᠭᠲᠡᠢ︾ ᠭᠡᠵᠦ ᠨᠢᠭᠡ ᠯᠡ ᠦᠭᠡ ᠪᠠᠷ ᠭᠤᠣᠯ ᠰᠠᠨᠠᠭ᠎ᠠ ᠶᠢ ᠨᠢ ᠨᠡᠪᠲᠡ ᠬᠡᠯᠡᠪᠡ᠃    ᠲᠡᠦᠬᠡ ᠶᠢᠨ ᠠᠯᠤᠰ ᠤᠨ ᠲᠥᠯᠥᠪ ᠢ ᠨᠡᠭᠡᠭᠡᠨ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠠᠴᠠ ᠪᠠᠷᠠᠯᠠᠪᠠᠯ᠂ ᠡᠨᠡ ᠬᠦ ᠭᠤᠣᠯ ᠰᠡᠳᠦᠪ ᠲᠤ ᠠᠭᠤᠯᠤᠭᠳᠠᠵᠤ ᠪᠠᠶᠢᠭ᠎ᠠ ᠭᠦᠨ ᠤᠳᠬ᠎ᠠ ᠠᠭᠤᠯᠭ᠎ᠠ ᠶᠢ ᠨᠡᠩ ᠢᠯᠡᠭᠦᠦ ᠣᠶᠢᠯᠠᠭᠠᠵᠤ ᠴᠢᠳᠠᠨ᠎ᠠ᠃    ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠢ —    ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠂ ᠬᠠᠲᠠᠭᠤ ᠪᠡᠷᠬᠡ ᠴᠢᠨᠠᠷ ᠪᠣᠯᠣᠨ ᠨᠠᠷᠢᠨ ᠪᠤᠳᠤᠯᠢᠶᠠᠨᠲᠤ ᠴᠢᠨᠠᠷ ᠤᠷᠢᠳ ᠡᠮᠦᠨ᠎ᠡ ᠪᠠᠶᠢᠭ᠎ᠠ ᠦᠭᠡᠢ ᠶᠤᠮ᠂ ᠤᠷᠤᠭᠰᠢᠯᠠᠯᠲᠠ ᠶᠢᠨ ᠵᠠᠮ ᠳᠡᠭᠡᠷ᠎ᠡ ᠡᠯ᠎ᠡ ᠵᠦᠢᠯ ᠤᠨ ᠲᠤᠬᠳᠠᠭᠠᠯᠳᠤ ᠪᠤᠰᠤ᠂ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ ᠲᠤᠯᠭᠠᠷᠠᠬᠤ ᠨᠢ ᠵᠠᠶᠢᠯᠠᠰᠢ ᠦᠭᠡᠢ ᠶᠤᠮ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠷᠠᠯᠲᠠ ᠲᠦᠷᠭᠡᠨ ᠬᠥᠭᠵᠢᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠳᠡᠯᠡᠬᠡᠢ ᠳ᠋ᠠᠬᠢᠨ ᠰᠢᠨ᠎ᠡ ᠲᠣᠭᠲᠠᠭᠤᠨ ᠪᠤᠰᠤ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠲᠣᠪᠤᠶᠢᠮ᠎ᠠ ᠣᠷᠣᠰᠢᠵᠤ᠂ ᠴᠥᠭᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠠᠴᠠ ᠵᠠᠶᠢᠯᠠᠵᠤ ᠳᠡᠶᠢᠯᠭᠦ ᠦᠭᠡᠢ᠂ ᠲᠣᠭᠤᠷᠢᠵᠤ ᠭᠠᠷᠴᠤ ᠳᠡᠶᠢᠯᠭᠦ ᠦᠭᠡᠢ ᠶᠤᠮ᠃ ᠡᠳᠡᠭᠡᠷ ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠬᠠᠷᠢᠭᠤᠯᠲᠠ ᠥᠭᠬᠦ ᠳᠤ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠲᠦᠰᠢᠭᠯᠡᠬᠦ ᠬᠡᠷᠡᠭᠲᠡᠢ᠃    ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ —    ᠨᠠᠮ ᠤᠨ ᠭᠤᠣᠯ ᠡᠭᠦᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠲᠥᠯᠥᠪᠯᠡᠵᠦ ᠪᠠᠶᠢᠷᠢᠯᠠᠭᠤᠯᠬᠤ ᠪᠣᠯ ᠨᠠᠮ ᠠᠴᠠ ᠥᠭᠡᠷᠡᠴᠢᠯᠡᠯᠲᠡ ᠨᠡᠭᠡᠭᠡᠯᠲᠡ ᠶᠢ ᠤᠳᠤᠷᠢᠳᠤᠭᠰᠠᠨ ᠠᠮᠵᠢᠯᠲᠠᠲᠠᠢ ᠲᠤᠷᠰᠢᠯᠭ᠎ᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠥᠰᠥᠪᠯᠡᠨ ᠥᠷᠨᠢᠭᠦᠯᠵᠦ᠂ ᠬᠠᠷᠠᠯᠲᠠ ᠲᠣᠳᠣᠷᠬᠠᠢ᠂ ᠴᠢᠭᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠢᠭᠡᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ᠂ ᠨᠢᠭᠲᠠ ᠤᠶᠠᠯᠳᠤᠭᠤᠯᠵᠤ᠂ ᠳᠣᠲᠣᠭᠠᠳᠤ ᠨᠢᠭᠡᠳᠦᠯ ᠲᠠᠢ ᠪᠠᠶᠢᠬᠤ ᠬᠡᠷᠡᠭᠲᠡᠢ᠃    ᠶᠠᠭ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨᠴᠢᠯᠡᠨ᠄ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠡᠳᠡᠭᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠢᠷᠤᠭ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢᠨ ᠦᠨᠳᠦᠰᠦ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠪᠠᠶᠢᠭᠤᠯᠤᠯ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠠᠰᠤᠷᠠᠯᠳᠠ ᠦᠭᠡᠢ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠳᠤ ᠪᠠᠶᠢᠨ᠎ᠠ︾᠃    ᠲᠥᠯᠥᠪᠯᠡᠭᠡ ᠬᠥᠲᠥᠯᠪᠦᠷᠢ ᠶᠢ ᠲᠣᠭᠲᠠᠭᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠨ᠎ᠠ᠃    ᠤᠳᠠᠭ᠎ᠠ ᠪᠦᠷᠢ ᠶᠢᠨ ᠪᠠᠶᠢᠴᠠᠭᠠᠨ ᠰᠤᠳᠤᠯᠤᠯᠲᠠ᠂ ᠤᠳᠠᠭ᠎ᠠ ᠪᠦᠷᠢ ᠶᠢᠨ ᠶᠠᠷᠢᠯᠴᠠᠭ᠎ᠠ ᠰᠣᠯᠢᠯᠴᠠᠭ᠎ᠠ ᠳᠤᠮᠳᠠ᠂ ᠶᠡᠷᠦᠩᠬᠡᠢ ᠱᠦᠵᠢ ᠰᠢ ᠶᠢᠨ ᠫᠢᠩ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠵᠠᠷᠴᠢᠮ᠂ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠰᠢᠨᠵᠢᠯᠡᠬᠦ ᠤᠬᠠᠭᠠᠨᠴᠢ ᠠᠷᠭ᠎ᠠ ᠵᠠᠮ ᠵᠡᠷᠭᠡ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢ ᠰᠠᠶᠢᠲᠤᠷ ᠬᠢᠬᠦ ᠳᠤ ᠬᠦᠴᠦᠲᠡᠢ ᠵᠢᠯᠣᠭᠤᠳᠤᠯᠭ᠎ᠠ ᠬᠠᠩᠭᠠᠪᠠ᠃    ᠶᠡᠷᠦᠩᠬᠡᠢ ᠱᠦᠵᠢ ᠰᠢ ᠶᠢᠨ ᠫᠢᠩ᠂ ᠪᠦᠭᠦᠳᠠ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠴᠢᠬᠤᠯᠠ ᠶᠡᠭᠡ ᠪᠠᠶᠢᠭᠤᠯᠤᠯ ᠲᠣᠭᠲᠠᠴᠠ ᠶᠢᠨ ᠠᠰᠠᠭᠤᠳᠠᠯ᠂ ᠭᠦᠨ ᠳᠠᠪᠬᠤᠷᠭ᠎ᠠ ᠶᠢᠨ ᠵᠥᠷᠢᠴᠡᠯ ᠪᠣᠯᠣᠨ ᠠᠰᠠᠭᠤᠳᠠᠯ ᠢ ᠠᠳᠬᠤᠵᠤ᠂ ᠭᠦᠨᠵᠡᠭᠡᠢ ᠰᠤᠳᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ᠂ ᠤᠷᠢᠳ ᠢᠶᠠᠷ ᠪᠣᠳᠣᠯᠬᠢᠯᠠᠬᠤ ᠲᠡᠰ ᠳᠠᠷᠠᠭᠠᠯᠠᠯ᠂ ᠭᠤᠣᠯ ᠰᠢᠪᠲᠤᠯᠬᠤ ᠴᠢᠭᠯᠡᠯ᠂ ᠠᠵᠢᠯ ᠤᠨ ᠲᠣᠭᠲᠠᠴᠠ᠂ ᠠᠬᠢᠭᠤᠯᠬᠤ ᠠᠷᠭ᠎ᠠ ᠭᠡᠯᠪᠡᠷᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠨᠡ ᠬᠦ ᠰᠠᠭᠤᠷᠢᠨ ᠳᠡᠭᠡᠷ᠎ᠡ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃    ︽ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ᠂ ᠲᠣᠭᠤᠷᠢᠵᠤ ᠭᠠᠷᠬᠤ ᠦᠭᠡᠢ᠂ ᠵᠠᠶᠢᠯᠠᠭᠤᠯᠬᠤ ᠦᠭᠡᠢ ᠪᠠᠶᠢᠵᠤ᠂ ᠦᠨᠡᠨ ᠬᠦ ᠬᠢᠵᠦ᠂ ᠬᠠᠲᠠᠭᠤ ᠲᠠᠢ ᠬᠠᠯᠳᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠷᠰᠢᠯᠠᠬᠤ ᠠᠯᠢᠪᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠪᠣᠯᠣᠨ ᠬᠢᠵᠠᠭᠠᠷᠯᠠᠬᠤ ᠬᠦᠴᠦᠨ ᠵᠦᠢᠯ ᠢ ᠡᠷᠡᠰ ᠠᠷᠢᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠠᠮᠢᠳᠤᠯᠢᠭ ᠪᠠᠶᠢᠳᠠᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ︾᠃    ᠥᠭᠡᠷᠡᠴᠢᠯᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠴᠠᠭ ᠦᠶ᠎ᠡ ᠶᠢᠨ ᠶᠡᠭᠡ ᠤᠷᠤᠰᠬᠠᠯ ᠬᠤᠷᠢᠭᠯᠠᠭᠳᠠᠰᠢ ᠦᠭᠡᠢ ᠶᠤᠮ᠃    ᠤᠯᠠᠨ ᠲᠦᠮᠡᠨ ᠤ ᠤᠶᠤᠨ ᠤᠬᠠᠭᠠᠨ ᠠᠷᠠᠳ ᠤᠨ ᠰᠠᠨᠠᠭ᠎ᠠ ᠶᠢ ᠲᠥᠪᠯᠡᠷᠡᠭᠦᠯᠵᠦ ᠢᠲᠡᠭᠡᠯ ᠵᠣᠷᠢᠭ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ — ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢᠮᠠᠭᠲᠠ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ ᠶᠠᠪᠤᠭᠳᠠᠵᠤ᠂ ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠦᠭᠦ ᠶᠠᠪᠤᠴᠠ ᠳᠤ ᠲᠤᠭᠤᠰᠢᠯᠠᠭᠤᠯᠪᠠ    2023 ᠣᠨ ᠤ 12 ᠰᠠᠷ᠎ᠠ ᠶᠢᠨ 8 ᠤ ᠡᠳᠦᠷ᠂ ᠪᠡᠭᠡᠵᠢᠩ ᠤᠨ ᠵᠥᠩ ᠨᠠᠨ ᠬᠠᠢ ᠳᠤ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠳᠤᠭᠤᠶᠢᠯᠠᠩ ᠤᠨ ᠠᠩᠬᠠᠳᠤᠭᠠᠷ ᠪᠦᠭᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃    ︽ᠨᠠᠮ ᠤᠨ ᠲᠥᠪ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠡᠨᠡ ᠬᠦ ᠴᠢᠬᠤᠯᠠ ᠶᠡᠭᠡ ᠡᠭᠦᠷᠭᠡ ᠶᠢ ᠤᠯᠠᠨ ᠳᠤ ᠲᠤᠰᠢᠶᠠᠭᠰᠠᠨ ᠨᠢ ᠤᠯᠠᠨ ᠳᠤ ᠭᠦᠢᠴᠡᠳ ᠢᠲᠡᠭᠡᠭᠰᠡᠨ ᠶᠠᠪᠤᠳᠠᠯ ᠪᠤᠯᠬᠤ ᠪᠥᠭᠡᠳ ᠪᠠᠰᠠ ᠴᠤ ᠤᠯᠠᠨ ᠤ ᠢᠷᠠᠭᠤ ᠠᠯᠳᠠᠷ ᠪᠠ ᠬᠠᠷᠢᠭᠤᠴᠠᠯᠭ᠎ᠠ ᠪᠤᠯᠬᠤ ᠶᠤᠮ︾᠃ ᠲᠤᠬᠠᠢ ᠶᠢᠨ ᠲᠠᠯᠠᠪᠠᠢ ᠳᠤ ᠪᠠᠶᠢᠭᠰᠠᠨ 70 ᠭᠠᠷᠤᠢ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠨᠥᠬᠦᠳ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ᠄ ︽ᠤᠯᠠᠨ ᠢᠶᠠᠷ ᠢᠶᠠᠨ ᠨᠠᠮ ᠳᠠᠭᠠᠨ ᠦᠨᠡᠨᠴᠢ ᠰᠢᠳᠤᠷᠭᠤ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠯᠠᠪᠳᠠᠭᠤᠨ ᠪᠠᠲᠤᠲᠠᠢ ᠠᠵᠢᠯᠯᠠᠵᠤ᠂ ᠨᠠᠮ ᠤᠨ ᠲᠥᠪ ᠬᠤᠷᠢᠶᠠᠨ ᠤ ᠲᠤᠰᠢᠶᠠᠭᠰᠠᠨ ᠪᠦᠭᠦᠳᠠ ᠬᠤᠷᠠᠯ ᠤᠨ ᠪᠢᠴᠢᠭ ᠮᠠᠲ᠋ᠧᠷᠢᠶᠠᠯ ᠲᠤᠭᠤᠷᠪᠢᠬᠤ ᠡᠭᠦᠷᠭᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ︾ ᠭᠡᠵᠦ ᠱᠠᠭᠠᠷᠳᠠᠯᠭ᠎ᠠ ᠳᠤᠷᠠᠳᠪᠠ᠃    ᠡᠭᠦᠨ ᠠᠴᠠ ᠬᠤᠶᠢᠰᠢᠬᠢ 200 ᠭᠠᠷᠤᠢ ᠡᠳᠦᠷ ᠬᠤᠨᠤᠭ ᠤᠳ ᠲᠤ᠂ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠪᠠᠴᠢᠮ ᠶᠠᠭᠠᠷᠠᠯᠲᠠᠢ ᠶᠠᠪᠤᠭᠳᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠳᠡᠶᠢᠯᠭᠦ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠪᠦᠭᠦ ᠬᠦᠴᠦᠨ ᠢᠶᠠᠷ ᠢᠶᠠᠨ ᠭᠠᠷᠭᠠᠪᠠ᠃    ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠢ ᠵᠢᠯ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠠᠮᠵᠢᠯᠲᠠ ᠣᠯᠣᠭᠰᠠᠨ ᠰᠠᠭᠤᠷᠢᠨ ᠳᠡᠭᠡᠷ᠎ᠡ ᠠᠬᠢᠭᠤᠯᠤᠭᠰᠠᠨ ᠶᠤᠮ᠃ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠡᠬᠢᠯᠡᠭᠰᠡᠨ ᠡᠬᠢᠨ ᠤ ᠦᠶ᠎ᠡ ᠳᠤ᠂ ᠤᠯᠠᠨ ᠢᠶᠠᠷ ᠢᠶᠠᠨ᠄ ᠡᠯ᠎ᠡ ᠬᠦᠷᠢᠶᠡᠨ ᠳᠤ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠨᠢ ᠴᠣᠬᠤᠮ ᠶᠠᠭᠤ ᠪᠤᠢ︖ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠶᠠᠮᠠᠷ ᠶᠠᠮᠠᠷ ᠪᠠᠶᠢᠭᠤᠯᠤᠯ ᠲᠣᠭᠲᠠᠴᠠ ᠶᠢᠨ ᠠᠰᠠᠭᠤᠳᠠᠯ᠂ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠤᠢ︖    ︽ᠨᠠᠮ ᠤᠨ ᠲᠥᠪ ᠬᠤᠷᠢᠶ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠬᠦ ᠳᠡᠭᠡᠨ ᠴᠥᠮ ᠠᠷᠠᠳᠴᠢᠯᠠᠯ ᠢ ᠥᠷᠭᠡᠨ ᠢᠶᠠᠷ ᠪᠠᠳᠠᠷᠠᠭᠤᠯᠵᠤ᠂ ᠪᠦᠭᠦ ᠨᠠᠮ ᠪᠦᠭᠦ ᠤᠯᠤᠰ ᠤᠨ ᠤᠶᠤᠨ ᠤᠬᠠᠭᠠᠨ ᠢ ᠲᠥᠪᠯᠡᠷᠡᠭᠦᠯᠳᠡᠭ ᠃ ᠡᠨᠡ ᠪᠣᠯ ᠪᠠᠰᠠ ᠴᠤ ᠮᠠᠨ ᠤ ᠨᠠᠮ ᠤᠨ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠭᠰᠡᠨ ᠨᠢᠭᠡᠨ ᠠᠮᠵᠢᠯᠲᠠ ᠲᠠᠢ ᠲᠤᠷᠰᠢᠯᠭ᠎ᠠ ᠮᠥᠨ︾᠃ ᠶᠡᠷᠦᠩᠬᠡᠢ ᠱᠦᠵᠢ ᠰᠢ ᠶᠢᠨ ᠫᠢᠩ᠄ ︽ᠠᠷᠠᠳᠴᠢᠯᠠᠯ ᠢ ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ︾ ᠭᠡᠵᠦ ᠣᠯᠠᠨᠲᠠ ᠴᠢᠬᠤᠯᠠᠴᠢᠯᠠᠪᠠ᠃    2023 ᠣᠨ ᠤ 11 ᠰᠠᠷ᠎ᠠ ᠶᠢᠨ ᠰᠡᠭᠦᠯᠴᠢ ᠪᠠᠷ᠂ ᠨᠠᠮ ᠤᠨ ᠲᠥᠪ ᠬᠤᠷᠢᠶ᠎ᠠ ᠮᠡᠳᠡᠭᠳᠡᠯ ᠪᠠᠭᠤᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠥᠪᠯᠡᠬᠦ ᠵᠦᠢᠯ ᠤᠨ ᠲᠤᠬᠠᠢ ᠨᠠᠮ ᠤᠨ ᠳᠣᠲᠣᠭᠠᠳᠤ ᠶᠢᠨ ᠵᠣᠬᠢᠬᠤ ᠬᠡᠪᠴᠢᠶᠡᠨ ᠠᠴᠠ ᠰᠠᠨᠠᠯ ᠬᠤᠷᠢᠶᠠᠪᠠ᠃ ᠡᠭᠦᠨ ᠤ ᠬᠠᠮᠲᠤ ᠵᠣᠬᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠮ ᠤᠨ ᠭᠠᠳᠠᠨᠠᠬᠢ ᠬᠡᠰᠡᠭ ᠬᠥᠮᠥᠰ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃    ᠤᠳᠠᠯ ᠦᠭᠡᠢ᠂ ᠨᠠᠮ ᠤᠨ ᠪᠠᠶᠢᠳᠠᠯ ᠤᠯᠤᠰ ᠤᠨ ᠪᠠᠶᠢᠳᠠᠯ ᠳᠡᠯᠡᠬᠡᠢ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠ ᠪᠣᠳᠣᠯᠬᠢᠯᠠᠯ ᠢ ᠡᠪᠦᠷᠯᠡᠨ᠂ ᠡᠯ᠎ᠡ ᠲᠠᠯ᠎ᠠ ᠶᠢᠨ ᠣᠶᠤᠨ ᠤᠬᠠᠭᠠᠨ ᠢ ᠨᠢᠭᠲᠠᠷᠠᠭᠤᠯᠵᠤ᠂ 111 ᠬᠤᠪᠢ ᠰᠠᠨᠠᠯ ᠪᠠ ᠰᠠᠨᠠᠭᠤᠯᠭ᠎ᠠ ᠳᠥᠷᠪᠡᠨ ᠵᠦᠭ ᠨᠠᠢᠮᠠᠨ ᠵᠣᠪᠬᠢᠰ ᠠᠴᠠ ᠴᠤᠭᠯᠠᠷᠠᠪᠠ᠃    ᠤᠷᠢᠳ ᠢᠶᠠᠷ ᠪᠠᠶᠢᠴᠠᠭᠠᠨ ᠰᠤᠳᠤᠯᠵᠤ᠂ ᠰᠠᠨᠠᠭ᠎ᠠ ᠨᠢ ᠲᠤᠭᠤᠷᠪᠢᠬᠤ ᠠᠴᠠ ᠡᠮᠦᠨ᠎ᠡ ᠪᠠᠶᠢᠳᠠᠭ᠃    ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠪᠠᠶᠢᠳᠠᠯ ᠢ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠬᠠᠷᠠᠯᠲᠠ ᠲᠠᠢ ᠪᠠᠷ ᠬᠦᠴᠦᠯᠡᠵᠦ᠂ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ ᠬᠡᠷᠡᠭᠲᠡᠢ᠃    ᠲᠠᠷᠢᠶᠠᠨ ᠭᠠᠵᠠᠷ ᠦᠩᠵᠢᠨ ᠰᠢᠮᠡᠵᠢᠵᠦ᠂ ᠨᠣᠮᠢᠨ ᠤᠰᠤ ᠳᠣᠯᠭᠢᠶᠠᠯᠠᠨ ᠤᠷᠤᠰᠤᠨ᠎ᠠ᠃ 2024 ᠣᠨ ᠤ 3 ᠰᠠᠷ᠎ᠠ ᠶᠢᠨ 19 ᠤ ᠡᠳᠦᠷ᠂ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠬᠤᠨᠠᠨ ᠮᠤᠵᠢ ᠶᠢᠨ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠲᠠᠷᠢᠶᠠᠯᠠᠩ ᠤᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ ᠤᠨ ᠮᠡᠷᠭᠡᠵᠢᠯᠲᠡᠨ ᠵᠡᠷᠭᠡ ᠲᠠᠢ ᠳᠣᠲᠣᠨᠣ ᠪᠠᠷ ᠶᠠᠷᠢᠯᠴᠠᠪᠠ ᠁    ᠬᠠᠪᠤᠷ ᠤᠨ ᠲᠠᠷᠢᠶᠠᠯᠠᠭ᠎ᠠ᠂ ᠵᠤᠨ ᠤ ᠠᠷᠠᠴᠢᠯᠠᠭ᠎ᠠ᠂ ᠨᠠᠮᠤᠷ ᠤᠨ ᠬᠤᠷᠢᠶᠠᠯᠲᠠ᠂ ᠡᠪᠦᠯ ᠤᠨ ᠬᠠᠳᠠᠭᠠᠯᠠᠮᠵᠢ ᠭᠡᠳᠡᠭ ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠣᠷᠣᠨ ᠨᠤᠲᠤᠭ ᠢᠶᠠᠷ ᠰᠢᠨᠵᠢᠯᠡᠨ ᠪᠠᠶᠢᠴᠠᠭᠠᠬᠤ ᠳᠠᠭᠠᠨ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠠᠩᠬᠠᠷᠴᠤ᠂ ᠥᠷᠭᠡᠨ ᠠᠭᠤᠳᠠᠮ ᠡᠬᠡ ᠭᠠᠵᠠᠷ ᠲᠤ ᠵᠣᠭᠰᠣᠨ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠪᠠ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠠᠰᠠᠭᠤᠳᠠᠯ ᠢ ᠪᠣᠳᠣᠯᠬᠢᠯᠠᠪᠠ᠃    ᠰᠡᠳᠬᠢᠯ ᠰᠢᠭᠤᠳᠤᠨ ᠰᠤᠳᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠦᠢᠯᠡᠳᠦᠯᠭᠡ ᠠᠴᠠ ᠬᠠᠷᠢᠭᠤᠯᠲᠠ ᠣᠯᠣᠨ᠎ᠠ — ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠣᠷᠣᠯᠴᠠᠵᠤ ᠴᠢᠷᠮᠠᠶᠢᠨ ᠬᠢᠵᠦ᠂ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠪᠡ᠃    ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠶᠢᠨ ᠦᠵᠡᠯ ᠰᠠᠨᠠᠭ᠎ᠠ᠂ ᠨᠠᠮ ᠤᠨ ᠲᠥᠪ ᠬᠤᠷᠢᠶᠠᠨ ᠤ ᠵᠣᠷᠢᠯᠲᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠪᠣᠳᠠᠲᠠᠢ ᠨᠠᠶᠢᠳᠠᠪᠤᠷᠢᠵᠢᠭᠤᠯᠬᠤ ᠶᠢ ᠰᠤᠳᠤᠯᠤᠨ ᠪᠣᠳᠣᠯᠬᠢᠯᠠᠪᠠ᠃    ᠡᠭᠦᠨ ᠤ ᠬᠠᠮᠲᠤ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠪᠠ ᠨᠠᠮ ᠤᠨ ᠲᠥᠪ ᠬᠤᠷᠢᠶᠠᠨ ᠤ ᠲᠣᠬᠢᠷᠠᠭᠤᠯᠤᠯᠲᠠ ᠶᠣᠰᠣᠭᠠᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠪᠠᠶᠢᠴᠠᠭᠠᠨ ᠰᠤᠳᠤᠯᠤᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠳᠤᠮᠳᠠ ᠪᠠᠨ ᠤᠯᠠᠮ ᠨᠢᠭᠡ ᠠᠯᠬᠤᠮ ᠭᠦᠨᠵᠡᠭᠡᠢ ᠰᠡᠳᠬᠢᠨ ᠪᠣᠳᠣᠯᠬᠢᠯᠠᠵᠤ᠂ ᠰᠢᠩᠭᠡᠬᠡᠨ ᠠᠪᠴᠤ᠂ ᠡᠯ᠎ᠡ ᠲᠠᠯ᠎ᠠ ᠶᠢᠨ ᠣᠶᠤᠨ ᠤᠬᠠᠭᠠᠨ ᠢ ᠬᠤᠷᠠᠮᠳᠤᠭᠤᠯᠵᠤ᠂ ᠨᠠᠩ ᠲᠥᠪᠯᠡᠷᠡᠩᠭᠦᠢ ᠥᠭᠡᠷᠡᠴᠢᠯᠡᠯᠲᠡ ᠶᠢᠨ ᠠᠩᠬᠠᠷᠤᠯ ᠤᠨ ᠴᠡᠭ ᠢ ᠪᠤᠶ ᠪᠣᠯᠭᠠᠪᠠ᠃    2023 ᠣᠨ ᠤ 12 ᠰᠠᠷ᠎ᠠ ᠳᠤ᠂ ᠪᠦᠭᠦᠳᠡ ᠬᠤᠷᠠᠯ ᠤᠨ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠪ ᠤᠨ 55 ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢ ᠲᠣᠬᠢᠷᠠᠭᠤᠯᠵᠤ 38 ᠭᠤᠣᠯᠳᠠᠯᠭ᠎ᠠ ᠲᠠᠢ ᠰᠡᠳᠦᠪ ᠤᠨ ᠲᠤᠬᠠᠢ ᠪᠠᠶᠢᠴᠠᠭᠠᠨ ᠰᠤᠳᠤᠯᠤᠯᠲᠠ ᠭᠢᠯᠭᠡᠵᠦ᠂ ᠡᠭᠦᠨ ᠤ ᠳᠠᠷᠠᠭ᠎ᠠ 78 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠭᠠᠷᠭᠠᠪᠠ ᠂ ᠡᠭᠦᠨ ᠤ ᠬᠠᠮᠲᠤ 16 ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠡᠯ᠎ᠡ ᠮᠤᠵᠢ ᠣᠷᠣᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠠ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃    2023 ᠣᠨ ᠤ 12 ᠰᠠᠷ᠎ᠠ ᠶᠢᠨ ᠰᠡᠭᠦᠯᠴᠢ ᠠᠴᠠ ᠡᠬᠢᠯᠡᠨ᠂ ᠪᠦᠭᠦᠳᠡ ᠬᠤᠷᠠᠯ ᠤᠨ ᠵᠥᠪᠯᠡᠬᠦ ᠰᠡᠳᠦᠪ ᠤᠨ ᠲᠤᠬᠠᠢ ᠨᠠᠮ ᠪᠣᠯᠣᠨ ᠤᠯᠤᠰ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠨᠥᠬᠦᠳ ᠤᠨ ᠰᠠᠨᠠᠯ ᠢ ᠰᠣᠨᠣᠰᠴᠤ᠂ ᠨᠢᠭᠡᠳ ᠨᠢᠭᠡ ᠪᠠᠷ ᠲᠤᠰᠠᠭᠠᠷ ᠰᠤᠷᠪᠤᠯᠵᠢᠯᠠᠨ ᠶᠠᠷᠢᠯᠴᠠᠭᠰᠠᠨ ᠪᠥᠭᠡᠳ ᠨᠢᠭᠡ ᠬᠥᠮᠥᠨ ᠨᠢᠭᠡ ᠡᠬᠡ ᠪᠢᠴᠢᠭ ᠤᠨ ᠰᠣᠷᠪᠤᠯᠵᠢᠯᠠᠭ᠎ᠠ ᠶᠢᠨ ᠲᠡᠮᠳᠡᠭᠯᠡᠯ ᠲᠠᠢ ᠪᠣᠯᠪᠠ᠃    ᠶᠡᠷᠦᠩᠬᠡᠢ ᠱᠦᠵᠢ ᠰᠢ ᠶᠢᠨ ᠫᠢᠩ ᠨᠠᠮ ᠪᠣᠯᠣᠨ ᠤᠯᠤᠰ ᠤᠨ ᠤᠳᠤᠷᠢᠳᠬᠤ ᠨᠥᠬᠦᠳ ᠤᠨ ᠰᠠᠨᠠᠯ ᠵᠢᠴᠢ ᠮᠤᠵᠢ ᠶᠠᠮᠤᠨ ᠤ ᠲᠡᠰ ᠤᠨ ᠭᠤᠣᠯ ᠬᠠᠷᠢᠭᠤᠴᠠᠯᠭᠠᠲᠠᠨ ᠨᠥᠬᠦᠳ ᠤᠨ ᠰᠤᠷᠪᠤᠯᠵᠢᠯᠠᠭᠰᠠᠨ ᠮᠡᠳᠡᠭᠦᠯᠦᠯᠲᠡ ᠶᠢ ᠨᠢᠭᠡᠳ ᠨᠢᠭᠡ ᠪᠠᠷ ᠬᠢᠨᠠᠨ ᠦᠵᠡᠵᠦ᠂ ᠴᠢᠬᠤᠯᠠ ᠰᠠᠨᠠᠯ ᠰᠠᠨᠠᠭᠤᠯᠭ᠎ᠠ ᠳᠤ ᠪᠠᠰᠠ ᠴᠣᠬᠤᠯᠠᠪᠤᠷᠢ ᠬᠢᠵᠡᠢ᠃    ᠰᠢᠭᠤᠳ ᠪᠠᠶᠢᠴᠠᠭᠠᠨ ᠰᠤᠳᠤᠯᠤᠯᠲᠠ ᠬᠢᠬᠦ᠂ ᠰᠠᠯᠠᠭ᠎ᠠ ᠮᠥᠴᠢᠷ ᠪᠣᠯᠣᠨ ᠪᠠᠶᠢᠭᠤᠯᠤᠮᠵᠢ ᠳᠤ ᠨᠠᠶᠢᠳᠠᠨ ᠪᠠᠶᠢᠴᠠᠭᠠᠨ ᠰᠤᠳᠤᠯᠤᠯᠲᠠ ᠬᠢᠬᠦ᠂ ᠲᠤᠰᠬᠠᠢ ᠰᠡᠳᠦᠪ ᠢᠶᠠᠷ ᠨᠤᠲᠠᠯᠠᠯᠲᠠ ᠬᠢᠬᠦ᠂ ᠲᠤᠰᠬᠠᠢ ᠮᠡᠷᠭᠡᠵᠢᠯᠲᠡᠨ ᠤ ᠰᠠᠨᠠᠯ ᠢ ᠰᠣᠨᠣᠰᠬᠤ ᠁ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠰᠡᠳᠦᠪ ᠨᠢ ᠶᠠᠭ ᠡᠶᠢᠮᠦᠷᠬᠦᠦ ᠪᠠᠶᠢᠴᠠᠭᠠᠨ ᠰᠤᠳᠤᠯᠤᠯᠲᠠ ᠶᠢᠨ ᠶᠠᠪᠤᠴᠠ ᠳᠤ ᠲᠠᠰᠤᠷᠠᠯᠳᠠ ᠦᠭᠡᠢ ᠬᠠᠷᠢᠭᠤᠯᠲᠠ ᠥᠭᠭᠦᠭᠰᠡᠨ ᠪᠠᠶᠢᠨ᠎ᠠ᠃    ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠶᠠᠮᠠᠷ ᠴᠢᠭᠯᠡᠯ ᠲᠡᠶᠢᠰᠢ ᠶᠠᠪᠤᠬᠤ ᠪᠣᠯ ᠦᠨᠳᠦᠰᠦᠨ ᠴᠢᠨᠠᠷᠲᠠᠢ ᠠᠰᠠᠭᠤᠳᠠᠯ ᠮᠥᠨ᠃    ᠡᠭᠦᠨ ᠳᠤ᠂ ᠶᠡᠷᠦᠩᠬᠡᠢ ᠱᠦᠵᠢ ᠰᠢ ᠶᠢᠨ ᠫᠢᠩ᠄ ︽ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠬᠡᠷᠡᠭᠲᠡᠢ᠂ ᠥᠭᠡᠷᠡᠴᠢᠯᠡᠯᠲᠡ ᠶᠢ ᠶᠠᠭᠠᠬᠢᠵᠤ ᠥᠭᠡᠷᠡᠴᠢᠯᠡᠭᠰᠡᠨ ᠴᠦ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠵᠡᠷᠭᠡ ᠦᠨᠳᠦᠰᠦᠨ ᠵᠦᠢᠯ ᠢ ᠶᠠᠭᠠᠬᠢᠭᠰᠠᠨ ᠴᠤ ᠭᠤᠶᠢᠪᠢᠯᠵᠠᠭᠤᠯᠵᠤ ᠪᠤᠯᠬᠤ ᠦᠭᠡᠢ᠂ ᠡᠭᠦᠨ ᠤ ᠵᠡᠷᠭᠡ ᠪᠠᠷ ᠵᠣᠷᠢᠭᠲᠠᠢ ᠪᠠᠷ ᠰᠢᠨ᠎ᠡ ᠶᠢ ᠡᠭᠦᠳᠴᠦ᠂ ᠥᠭᠡᠷᠡᠴᠢᠯᠡᠬᠦ ᠴᠢᠬᠤᠯᠠᠲᠠᠢ ᠥᠭᠡᠷᠡᠴᠢᠯᠡᠵᠦ ᠳᠡᠶᠢᠯᠭᠦ ᠶᠢ ᠨᠢ ᠰᠠᠶᠢᠲᠤᠷ ᠥᠭᠡᠷᠡᠴᠢᠯᠡᠵᠦ᠂ ᠲᠤᠭᠤᠰᠢᠲᠠᠢ ᠥᠭᠡᠷᠡᠴᠢᠯᠡᠵᠦ᠂ ᠬᠠᠷᠠᠯᠲᠠ ᠪᠠᠨ ᠲᠣᠭᠲᠠᠭᠠᠪᠠᠯ ᠡᠷᠡᠰ ᠭᠤᠶᠢᠪᠢᠰᠢ ᠦᠭᠡᠢ ᠠᠳᠬᠤᠬᠤ ᠬᠡᠷᠡᠭᠲᠡᠢ︾ ᠭᠡᠵᠦ ᠡᠷᠡᠰ ᠪᠠᠲᠤ ᠬᠡᠯᠡᠪᠡ᠃    ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠳᠤ ᠪᠦᠭᠦᠳᠡ ᠬᠤᠷᠠᠯ ᠤᠨ ᠲᠣᠭᠲᠠᠭᠠᠯ ᠨᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠦᠭᠦ ᠲᠠᠯ᠎ᠠ ᠶᠢᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠦᠵᠡᠭᠦᠯᠵᠦ ᠪᠠᠶᠢᠬᠤ ᠪᠢᠴᠢᠭ ᠮᠠᠲ᠋ᠧᠷᠢᠶᠠᠯ ᠪᠣᠯᠣᠨ᠎ᠠ᠂ ᠡᠷᠬᠡᠪᠰᠢ ᠭᠤᠣᠯᠳᠠᠯᠭ᠎ᠠ ᠶᠢ ᠨᠡᠩ ᠳᠤᠪᠤᠶᠢᠯᠭᠠᠵᠤ᠂ ᠭᠤᠣᠯᠳᠠᠯᠭ᠎ᠠ ᠪᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠡᠭᠡᠷ᠎ᠡ ᠲᠠᠯᠪᠢᠬᠤ ᠬᠡᠷᠡᠭᠲᠡᠢ︾᠃    ︽ᠡᠩ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠬᠦ ᠦᠭᠡᠢ᠂ ᠬᠥᠭᠵᠢᠯᠲᠡ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠪᠢᠴᠢᠬᠦ ᠦᠭᠡᠢ᠂ ᠲᠥᠪ ᠠᠴᠠ ᠨᠢᠭᠡᠨᠲᠡ ᠪᠠᠶᠢᠷᠢᠯᠠᠭᠤᠯᠤᠭᠰᠠᠨ ᠶᠠᠭ ᠬᠡᠷᠡᠭᠵᠢᠭᠦᠯᠵᠦ ᠪᠠᠶᠢᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠬᠦ ᠦᠭᠡᠢ ᠪᠠᠶᠢᠵᠤ᠂ ᠲᠣᠭᠲᠠᠭᠠᠯ ᠤᠨ ᠨᠣᠣᠷᠠᠭ ᠤᠨ ᠥᠭᠡᠷᠡᠴᠢᠯᠡᠯᠲᠡ ᠶᠢᠨ ᠶᠠᠰᠤ ᠴᠢᠨᠠᠷ ᠢ ᠨᠠᠩ ᠭᠦᠢᠴᠡᠳ᠂ ᠥᠭᠡᠷᠡᠴᠢᠯᠡᠯᠲᠡ ᠶᠢᠨ ᠦᠨᠦᠷ ᠠᠮᠲᠠ ᠶᠢ ᠨᠠᠩ ᠥᠳᠬᠡᠨ ᠪᠤᠯᠭᠠᠬᠤ ᠪᠠᠷ ᠴᠢᠷᠮᠠᠶᠢᠨ᠎ᠠ︾᠃    ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠬᠠᠮᠢᠶ᠎ᠠ ᠪᠦᠬᠦᠢ ᠴᠢᠬᠤᠯᠠ ᠪᠢᠴᠢᠭ ᠮᠠᠲ᠋ᠧᠷᠢᠶᠠᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠰᠣᠷᠪᠤᠯᠵᠢᠯᠠᠭ᠎ᠠ ᠶᠢᠨ ᠮᠠᠲ᠋ᠧᠷᠢᠶᠠᠯ᠂ ᠰᠡᠳᠦᠪ ᠤᠨ ᠰᠤᠳᠤᠯᠭᠠᠨ ᠤ ᠮᠡᠳᠡᠭᠦᠯᠦᠯᠲᠡ ᠵᠡᠷᠭᠡ ᠮᠠᠲ᠋ᠧᠷᠢᠶᠠᠯ ᠠᠴᠠ ᠬᠤᠯᠪᠣᠭᠳᠠᠯ ᠪᠦᠬᠦᠢ ᠬᠦᠷᠢᠶᠡᠨ ᠤ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠡᠮᠬᠢᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠬᠡ ᠲᠠᠩᠰᠠ ᠪᠠ ᠨᠠᠷᠢᠨ ᠲᠠᠩᠰᠠ ᠶᠢ ᠬᠤᠷᠢᠶᠠᠩᠭᠤᠶᠢᠯᠠᠨ ᠪᠦᠷᠢᠯᠳᠦᠭᠦᠯᠵᠦ᠂ ᠲᠣᠭᠲᠠᠭᠠᠯ ᠤᠨ ᠨᠣᠣᠷᠠᠭ ᠢ ᠲᠤᠭᠤᠷᠪᠢᠬᠤ ᠳᠤ ᠪᠠᠲᠤ ᠪᠠᠬᠢ ᠣᠨᠣᠯ ᠪᠠ ᠦᠢᠯᠡᠳᠦᠯᠭᠡ ᠶᠢᠨ ᠦᠨᠳᠦᠰᠦᠯᠡᠯ ᠬᠠᠩᠭᠠᠪᠠ᠃    ᠤᠭᠢ ᠶᠢ ᠨᠢ ᠰᠢᠯᠢᠵᠦ᠂ ᠵᠠᠩᠭᠢᠯᠠᠭ᠎ᠠ ᠶᠢ ᠨᠢ ᠰᠣᠩᠭᠤᠪᠠ᠃ ᠳᠠᠭᠢᠨ ᠳᠠᠪᠲᠠᠨ ᠠᠳᠠᠯᠢᠳᠬᠠᠨ ᠰᠣᠩᠭᠤᠬᠤ᠂ ᠰᠤᠳᠤᠯᠤᠨ ᠨᠤᠲᠠᠯᠠᠬᠤ ᠪᠠᠷ ᠳᠡᠮᠵᠢᠨ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠪᠠᠷᠠᠯᠠᠯᠲᠤ ᠴᠢᠨᠠᠷ ᠢ ᠳᠣᠪᠤᠶᠢᠯᠭᠠᠬᠤ ᠶᠢᠨ ᠬᠠᠮᠲᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠴᠢᠭᠯᠡᠭᠦᠯᠦᠯᠲᠦ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠬᠤᠯᠠᠴᠢᠯᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠠᠮᠤᠭ ᠱᠠᠭᠠᠷᠳᠠᠵᠤ ᠪᠠᠶᠢᠭ᠎ᠠ᠂ ᠠᠷᠠᠳ ᠣᠯᠠᠨ ᠤ ᠬᠠᠮᠤᠭ ᠤᠨ ᠬᠦᠰᠡᠵᠦ ᠪᠠᠶᠢᠭ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠬᠠᠮᠤᠭ ᠤᠨ ᠲᠤᠯᠭᠠᠮ ᠪᠠᠶᠢᠭ᠎ᠠ᠂ ᠪᠣᠳᠠᠲᠤ ᠨᠥᠬᠦᠴᠡᠯ ᠬᠠᠮᠤᠭ ᠤᠨ ᠪᠦᠷᠢᠳᠦᠭᠰᠡᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠢᠴᠢᠭ ᠮᠠᠲ᠋ᠧᠷᠢᠶᠠᠯ ᠳᠤ ᠣᠷᠣᠭᠤᠯᠪᠠ᠃    ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠤᠲᠠᠯᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠷᠢᠳ ᠬᠤᠵᠢᠳ 21 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠲᠤᠬᠠᠢ 53 ᠰᠠᠯᠠᠭ᠎ᠠ ᠮᠥᠴᠢᠷ ᠪᠠ ᠨᠢᠭᠡᠴᠢ ᠳᠤ ᠨᠠᠶᠢᠳᠠᠵᠤ ᠨᠤᠲᠠᠯᠠᠯᠲᠠ ᠬᠢᠯᠭᠡᠬᠦ ᠶᠢᠨ ᠬᠠᠮᠲᠤ ᠨᠤᠲᠠᠯᠠᠯᠲᠠ ᠶᠢᠨ ᠦᠷ᠎ᠡ ᠳ᠋ᠦᠩ ᠢ ᠦᠨᠳᠦᠰᠦᠯᠡᠨ ᠢᠯᠭᠠᠨ ᠰᠣᠩᠭᠤᠵᠤ ᠭᠠᠷᠭᠠᠪᠠ —    ᠬᠠᠮᠲᠤ ᠶᠢᠨ ᠲᠠᠨᠢᠯᠲᠠ ᠨᠡᠯᠢᠶᠡᠳ ᠥᠨᠳᠥᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠢ ᠴᠥᠮ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠡᠷᠡᠰ ᠰᠢᠭᠤᠷᠬᠠᠢ ᠪᠠᠷ ᠣᠷᠣᠭᠤᠯᠪᠠ︔    ᠬᠠᠮᠲᠤ ᠶᠢᠨ ᠲᠠᠨᠢᠯᠲᠠ ᠨᠡᠯᠢᠶᠡᠳ ᠥᠨᠳᠥᠷ ᠪᠤᠯᠪᠠᠴᠤ ᠪᠣᠳᠠᠲᠠᠢ ᠢᠯᠡᠳᠬᠡᠬᠦ ᠲᠠᠯ᠎ᠠ ᠪᠠᠷ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ ᠦᠨᠳᠦᠰᠦᠯᠡᠨ ᠬᠢᠨᠠᠮᠠᠭᠠᠢ ᠰᠤᠳᠤᠯᠤᠨ ᠰᠢᠩᠭᠡᠭᠡᠵᠦ᠂ ᠥᠭᠦᠯᠡᠯᠲᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃    2024 ᠣᠨ ᠤ 5 ᠰᠠᠷ᠎ᠠ ᠶᠢᠨ 7 ᠤ ᠡᠳᠦᠷ᠂ ᠲᠣᠭᠲᠠᠭᠠᠯ ᠤᠨ ᠰᠠᠨᠠᠯ ᠬᠤᠷᠢᠶᠠᠬᠤ ᠨᠣᠣᠷᠠᠭ ᠢ ᠳᠣᠷᠣᠭᠰᠢ ᠲᠠᠷᠬᠠᠭᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠪᠠ᠃    ︽ᠥᠨᠥᠳᠥᠷ ᠶᠠᠷᠢᠯᠴᠠᠬᠤ ᠬᠤᠷᠠᠯ ᠬᠤᠷᠠᠯᠳᠤᠭᠤᠯᠵᠤ ᠪᠠᠶᠢᠭ᠎ᠠ ᠨᠢ ᠣᠯᠠᠨ ᠤ ᠰᠠᠨᠠᠯ ᠰᠠᠨᠠᠭᠤᠯᠭ᠎ᠠ ᠶᠢ ᠨᠢᠭᠤᠷᠲᠠᠨ ᠰᠣᠨᠣᠰᠤᠶ᠎ᠠ ᠭᠡᠰᠡᠨ ᠶᠤᠮ︾᠃ 5 ᠰᠠᠷ᠎ᠠ ᠶᠢᠨ 20 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ ᠲᠣᠭᠲᠠᠭᠠᠯ ᠤᠨ ᠨᠣᠣᠷᠠᠭ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃    ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠦᠭᠡ ᠡᠯᠭᠦᠵᠦ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠷᠠᠯ ᠲᠡᠭᠦᠰᠬᠦ ᠦᠶ᠎ᠡ ᠳᠤ᠂ ᠶᠡᠷᠦᠩᠬᠡᠢ ᠱᠦᠵᠢ᠄ ︽ᠥᠨᠥᠳᠥᠷ ᠤᠨ ᠶᠠᠷᠢᠯᠴᠠᠬᠤ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠦᠷᠭᠦᠯᠵᠢᠯᠡᠨ ᠭᠦᠨᠵᠡᠭᠡᠢ ᠪᠣᠳᠣᠯᠬᠢᠯᠠᠨ ᠰᠤᠳᠤᠯᠵᠤ᠂ ᠡᠯ᠎ᠡ ᠬᠦᠷᠢᠶᠡᠨ ᠤ ᠠᠩᠬᠠᠷᠤᠭᠤᠰᠢᠲᠠᠢ ᠪᠠᠶᠢᠳᠠᠯ ᠪᠣᠯᠣᠨ ᠡᠯ᠎ᠡ ᠲᠠᠯ᠎ᠠ ᠶᠢᠨ ᠲᠤᠰᠬᠠᠯ ᠨᠡᠯᠢᠶᠡᠳ ᠲᠥᠪᠯᠡᠷᠡᠩᠭᠦᠢ ᠪᠠᠶᠢᠭ᠎ᠠ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠴᠠᠭ ᠲᠤᠬᠠᠢ ᠳᠤᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤ ᠲᠤᠰᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠰᠠᠶᠢᠲᠤᠷ ᠬᠤᠷᠠᠯᠳᠤᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠭᠡᠶ᠎ᠡ︾ ᠭᠡᠵᠦ ᠵᠠᠬᠢᠪᠠ᠃    ᠬᠡᠳᠦᠨ ᠡᠳᠦᠷ ᠤᠨ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠪᠠᠰᠠ ᠱᠠᠨᠳᠦ᠋ᠩ ᠤᠨ ᠵᠢᠨᠠᠨ ᠳᠤ ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠤᠯᠠᠨ ᠤ ᠴᠠᠭᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠶᠤᠯ ᠲᠦᠭᠰᠢᠭᠦᠷᠢ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠰᠣᠨᠣᠰᠪᠠ᠃    ᠶᠠᠷᠢᠯᠴᠠᠬᠤ ᠬᠤᠷᠠᠯ ᠳᠤ ᠣᠷᠣᠯᠴᠠᠬᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠬᠤ ᠪᠠᠷ ᠪᠠᠷᠠᠬᠤ ᠦᠭᠡᠢ᠂ ᠪᠠᠰᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠪᠠᠶᠢᠵᠤ᠂ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠨᠡᠶᠢᠲᠡᠯᠡᠬᠦ ᠳᠤ ᠠᠷᠠᠳ ᠤᠨ ᠰᠠᠨᠠᠭ᠎ᠠ ᠪᠣᠯᠣᠨ ᠣᠶᠤᠨ ᠤᠬᠠᠭᠠᠨ ᠬᠠᠮᠤᠭ ᠤᠨ ᠥᠷᠭᠡᠨ ᠳᠡᠯᠭᠡᠷ ᠲᠥᠪᠯᠡᠷᠡᠵᠦ ᠪᠠᠶᠢᠬᠤ ᠶᠢ ᠨᠠᠷᠢᠨ ᠨᠢᠮᠪᠠᠢ ᠬᠥᠮᠥᠰ ᠮᠡᠳᠡᠵᠦ ᠪᠣᠯᠣᠨ᠎ᠠ᠃    ᠭᠡᠳᠦ ᠤᠳᠠᠭ᠎ᠠ ᠳᠡᠪᠰᠢᠭᠦᠯᠵᠦ ᠲᠠᠭᠢᠨ ᠳᠠᠪᠲᠠᠨ ᠵᠠᠰᠠᠪᠤᠷᠢ ᠣᠷᠣᠭᠤᠯᠪᠠ᠃ 7 ᠰᠠᠷ᠎ᠠ ᠭᠠᠷᠤᠢ ᠶᠢᠨ ᠬᠤᠭᠤᠴᠠᠭᠠᠨ ᠳᠤ᠂ ᠲᠣᠭᠲᠠᠭᠠᠯ ᠤᠨ ᠨᠣᠣᠷᠠᠭ ᠢ ᠨᠠᠷᠢᠨ ᠬᠢᠨᠠᠮᠠᠭᠠᠢ ᠲᠤᠩᠭᠠᠨ ᠪᠣᠳᠣᠯᠬᠢᠯᠠᠵᠤ᠂ ᠨᠠᠷᠢᠨ ᠨᠢᠮᠪᠠᠢ ᠨᠠᠶᠢᠷᠠᠭᠤᠯᠤᠨ ᠪᠢᠴᠢᠵᠦ᠂ ᠶᠠᠪᠤᠴᠠ ᠶᠢᠨ ᠨᠣᠣᠷᠠᠭ ᠨᠢ 38 ᠤᠳᠠᠭ᠎ᠠ ᠪᠣᠯᠪᠠ᠃ ᠴᠢᠬᠤᠯᠠ ᠶᠡᠭᠡ ᠨᠤᠲᠠᠯᠠᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠠᠴᠠ᠂ ᠦᠰᠦᠭ ᠪᠢᠴᠢᠭ ᠢᠶᠠᠷ ᠢᠯᠡᠳᠬᠡᠬᠦ᠂ ᠦᠭᠡ ᠥᠭᠦᠯᠡᠪᠦᠷᠢ ᠬᠡᠷᠡᠭᠯᠡᠬᠦ ᠭᠦᠷᠲᠡᠯ᠎ᠡ᠂ ᠪᠣᠳᠠᠲᠠᠢ ᠶᠢ ᠡᠷᠬᠢᠮᠯᠡᠨ ᠴᠢᠩᠭ᠎ᠠ ᠨᠢᠮᠪᠠᠢ᠂ ᠨᠠᠷᠢᠯᠢᠭ ᠣᠨᠣᠪᠴᠢᠲᠠᠢ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠪᠠ᠃    5 ᠰᠠᠷ᠎ᠠ ᠶᠢᠨ 30 ᠤ ᠡᠳᠦᠷ ᠪᠤᠯᠲᠠᠯ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠨᠡᠶᠢᠲᠡ 1911 ᠵᠤᠷᠪᠤᠰ ᠰᠠᠨᠠᠯ ᠳᠤᠷᠠᠳᠴᠤ᠂ ᠳᠠᠪᠬᠤᠷᠳᠠᠭᠰᠠᠨ ᠰᠠᠨᠠᠯ ᠢ ᠬᠠᠰᠤᠵᠤ ᠭᠠᠷᠭᠠᠭᠠᠳ 1756 ᠵᠤᠷᠪᠤᠰ ᠪᠣᠯᠭᠠᠪᠠ᠂ ᠡᠭᠦᠨ ᠳᠤ ᠵᠠᠷᠴᠢᠮᠲᠤ ᠰᠠᠨᠠᠯ 135 ᠵᠤᠷᠪᠤᠰ᠂ ᠪᠣᠳᠠᠲᠠᠢ ᠵᠠᠰᠠᠪᠤᠷᠢ ᠣᠷᠣᠭᠤᠯᠬᠤ ᠰᠠᠨᠠᠯ 1621 ᠵᠤᠷᠪᠤᠰ ᠪᠤᠶ᠃    ᠡᠳᠡᠭᠡᠷ ᠰᠠᠨᠠᠯ ᠪᠠ ᠰᠠᠨᠠᠭᠤᠯᠭ᠎ᠠ ᠶᠢ ᠬᠢᠨᠠᠮᠠᠭᠠᠢ ᠰᠤᠳᠤᠯᠵᠤ᠂ ᠰᠢᠩᠭᠡᠬᠡᠨ ᠠᠪᠴᠤ ᠪᠤᠯᠬᠤ ᠶᠢ ᠨᠢ ᠠᠯᠢ ᠴᠢᠳᠠᠬᠤ ᠪᠠᠷ ᠰᠢᠩᠭᠡᠬᠡᠨ ᠠᠪᠴᠤ᠂ 221 ᠭᠠᠵᠠᠷ ᠲᠤ ᠵᠠᠰᠠᠪᠤᠷᠢ ᠣᠷᠣᠭᠤᠯᠪᠠ᠃    ᠲᠣᠭᠲᠠᠭᠠᠯ ᠢ ᠲᠤᠭᠤᠷᠪᠢᠬᠤ ᠶᠠᠪᠤᠴᠠ ᠪᠣᠯ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠠᠪᠤᠴᠠ ᠮᠥᠨ᠂ ᠪᠠᠰᠠ ᠴᠤ ᠬᠥᠮᠥᠰ ᠤᠨ ᠰᠡᠳᠬᠢᠯ ᠢ ᠵᠣᠷᠢᠭᠵᠢᠭᠤᠯᠵᠤ ᠂ ᠲᠡᠮᠡᠴᠡᠯ ᠤᠨ ᠵᠣᠷᠢᠭ ᠢ ᠬᠥᠭᠵᠢᠭᠡᠬᠦ ᠶᠠᠪᠤᠴᠠ ᠮᠥᠨ᠃    ᠡᠨᠡ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ 3 ᠤᠳᠠᠭ᠎ᠠ ᠡᠷᠭᠢᠯᠡᠨ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠢ 2 ᠤᠳᠠᠭ᠎ᠠ ᠡᠷᠭᠢᠯᠡᠨ ᠬᠤᠷᠠᠯᠳᠤᠭᠤᠯᠵᠤ ᠪᠦᠭᠦᠳᠡ ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠳᠡᠭᠡᠭᠰᠢ ᠮᠡᠳᠡᠭᠦᠯᠦᠭᠰᠡᠨ ᠨᠣᠣᠷᠠᠭ ᠪᠦᠭᠦᠨ ᠢ ᠨᠠᠷᠢᠨ ᠨᠢᠮᠪᠠᠢ ᠬᠢᠨᠠᠨ ᠦᠵᠡᠵᠦ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃    ᠤᠳᠠᠭ᠎ᠠ ᠳᠠᠷᠠᠭᠠᠯᠠᠨ ᠨᠠᠷᠢᠪᠴᠢᠯᠠᠨ ᠲᠤᠩᠭᠠᠵᠤ᠂ ᠨᠤᠲᠠᠯᠠᠵᠤ᠂ ᠰᠤᠳᠤᠯᠵᠤ᠂ ᠤᠳᠠᠭ᠎ᠠ ᠳᠠᠷᠠᠭᠠᠯᠠᠨ ᠵᠠᠰᠠᠪᠤᠷᠢ ᠣᠷᠣᠭᠤᠯᠵᠤ᠂ ᠪᠠᠶᠠᠯᠢᠭᠵᠢᠭᠤᠯᠵᠤ᠂ ᠲᠡᠭᠦᠯᠳᠡᠷᠵᠢᠭᠦᠯᠵᠦ᠂ ᠲᠣᠭᠲᠠᠭᠠᠯ ᠤᠨ ᠨᠣᠣᠷᠠᠭ ᠨᠢ ᠡᠳᠦᠷ ᠰᠥᠨᠢ ᠦᠭᠡᠢ ᠦᠷᠭᠦᠯᠵᠢᠯᠡᠨ ᠳᠠᠪᠲᠠᠭᠰᠠᠭᠠᠷ ᠪᠠᠶᠢᠵᠤ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠪᠠ᠃    7 ᠰᠠᠷ᠎ᠠ ᠶᠢᠨ 15 ᠤ ᠦᠳᠡ ᠶᠢᠨ ᠡᠮᠦᠨ᠎ᠡ᠂ ᠡᠨᠡ ᠬᠦ ᠲᠡᠦᠬᠡᠲᠦ ᠡᠭᠦᠷᠭᠡ ᠶᠢ ᠡᠭᠦᠷᠭᠡᠯᠡᠵᠦ᠂ ᠨᠠᠮ ᠤᠨ ᠰᠡᠳᠬᠢᠯ ᠠᠷᠠᠳ ᠤᠨ ᠰᠠᠨᠠᠭ᠎ᠠ ᠶᠢ ᠨᠢᠭᠲᠠᠷᠠᠭᠤᠯᠤᠭᠰᠠᠨ ᠪᠢᠴᠢᠭ ᠮᠠᠲ᠋ᠧᠷᠢᠶᠠᠯ ᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠳᠤ ᠣᠷᠣᠯᠴᠠᠬᠰᠠᠨ ᠨᠥᠬᠦᠳ ᠤᠨ ᠡᠮᠦᠨ᠎ᠡ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃    ᠲᠥᠪ ᠬᠤᠷᠢᠶᠠᠨ ᠤ 199 ᠭᠡᠰᠢᠭᠦᠨ᠂ ᠲᠥᠪ ᠬᠤᠷᠢᠶᠠᠨ ᠤ 165 ᠣᠷᠣᠯᠠᠭᠴᠢ ᠭᠡᠰᠢᠭᠦᠨ᠂ ᠪᠠᠰᠠ ᠬᠤᠷᠠᠯ ᠳᠤ ᠰᠤᠯᠠ ᠣᠷᠣᠯᠴᠠᠬᠰᠠᠨ ᠨᠥᠬᠦᠳ 10 ᠳᠤᠭᠤᠶᠢᠯᠠᠩ ᠬᠤᠪᠢᠶᠠᠵᠤ᠂ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃    ᠭᠦᠢᠴᠡᠳ ᠶᠠᠷᠢᠯᠴᠠᠬᠤ ᠪᠠᠷ ᠳᠠᠮᠵᠢᠭᠠᠳ ᠬᠤᠷᠠᠯ ᠳᠤ ᠣᠷᠣᠯᠴᠠᠬᠰᠠᠨ ᠨᠥᠬᠦᠳ ᠵᠠᠰᠠᠪᠤᠷᠢ ᠣᠷᠣᠭᠤᠯᠬᠤ ᠰᠠᠨᠠᠯ ᠢ 205 ᠵᠤᠷᠪᠤᠰ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠡᠳᠡᠭᠡᠷ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠶᠠᠷᠢᠯᠴᠠᠬᠤ ᠨᠣᠣᠷᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ᠃    7 ᠰᠠᠷ᠎ᠠ ᠶᠢᠨ 17 ᠤ ᠣᠷᠣᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦᠳᠡ ᠬᠤᠷᠠᠯ ᠤᠨ ᠡᠯ᠎ᠡ ᠳᠤᠭᠤᠶᠢᠯᠠᠩ ᠤᠨ ᠶᠠᠷᠢᠯᠴᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠰᠣᠨᠣᠰᠴᠤ᠂ ᠲᠣᠭᠲᠠᠭᠠᠯ ᠤᠨ ᠨᠣᠣᠷᠠᠭ ᠲᠤ 25 ᠭᠠᠵᠠᠷ ᠵᠠᠰᠠᠪᠤᠷᠢ ᠣᠷᠣᠭᠤᠯᠵᠠᠢ᠃ ᠵᠠᠰᠠᠪᠤᠷᠢ ᠣᠷᠣᠭᠤᠯᠤᠭᠰᠠᠨ ᠨᠣᠣᠷᠠᠭ ᠢ 18 ᠤ ᠡᠳᠦᠷ ᠤᠨ ᠦᠳᠡ ᠶᠢᠨ ᠡᠮᠦᠨ᠎ᠡ ᠳᠠᠬᠢᠨᠲᠠ ᠪᠦᠭᠦᠳᠡ ᠬᠤᠷᠠᠯ ᠳᠤ ᠳᠡᠪᠰᠢᠭᠦᠯᠵᠦ ᠳᠤᠭᠤᠶᠢᠯᠠᠩ ᠬᠤᠪᠢᠶᠠᠨ ᠰᠠᠨᠠᠯ ᠬᠤᠷᠢᠶᠠᠭᠰᠠᠨ ᠤ ᠳᠠᠷᠠᠭ᠎ᠠ ᠪᠠᠰᠠ 2 ᠭᠠᠵᠠᠷ ᠲᠤ ᠵᠠᠰᠠᠪᠤᠷᠢ ᠣᠷᠣᠭᠤᠯᠵᠤ᠂ ︽ᠲᠣᠭᠲᠠᠭᠠᠯ︾ ᠤᠨ ᠲᠥᠰᠥᠯ ᠢ ᠪᠦᠷᠢᠯᠳᠦᠭᠦᠯᠪᠡ᠃    ᠬᠤᠷᠠᠯ ᠳᠤ ᠣᠷᠣᠯᠴᠠᠬᠰᠠᠨ ᠨᠥᠬᠦᠳ᠂ ︽ᠲᠣᠭᠲᠠᠭᠠᠯ︾ ᠤᠨ ᠭᠤᠣᠯ ᠰᠡᠳᠦᠪ ᠢᠯᠡ ᠲᠣᠳᠣ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠠᠶᠢᠷᠢᠯᠠᠭᠤᠯᠤᠯᠲᠠ ᠵᠣᠬᠢᠰᠲᠠᠢ᠂ ᠭᠤᠣᠯᠳᠠᠯᠭ᠎ᠠ ᠲᠣᠪᠤᠶᠢᠮ᠎ᠠ᠂ ᠴᠢᠭᠯᠡᠯ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠷᠡᠰ ᠪᠠᠲᠤ ᠵᠣᠷᠢᠭ᠂ ᠤᠯᠤᠰ ᠲᠦᠷᠦ ᠶᠢᠨ ᠡᠭᠦᠷᠭᠡᠯᠡᠯ ᠪᠠ ᠲᠡᠦᠬᠡ ᠶᠢᠨ ᠰᠠᠨᠠᠭᠠᠴᠢᠯᠠᠭ᠎ᠠ ᠶᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠲᠤᠬᠠᠢ ᠲᠠᠭᠢᠨ ᠲᠤᠩᠬᠠᠭᠯᠠᠵᠤ᠂ ᠯᠠᠪᠲᠠᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠬᠦ ᠪᠣᠯᠣᠨ᠎ᠠ ᠭᠡᠵᠦ ᠰᠠᠨᠠᠯ ᠨᠢᠭᠡᠲᠡᠢ ᠢᠯᠡᠳᠬᠡᠪᠡ᠃    ᠬᠤᠷᠠᠯ ᠳᠤ ᠣᠷᠣᠯᠴᠠᠬᠰᠠᠨ ᠨᠥᠬᠦᠳ᠂ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠣᠯᠣᠨ ᠠᠭᠤᠤ ᠶᠡᠭᠡ ᠠᠮᠵᠢᠯᠲᠠ ᠶᠢᠨ ᠰᠠᠭᠤᠷᠢᠨ ᠳᠡᠭᠡᠷ᠎ᠡ ᠦᠷᠭᠦᠯᠵᠢᠯᠡᠨ ᠤᠷᠤᠭᠰᠢᠯᠠᠬᠤ ᠳᠤ ᠢᠲᠡᠭᠡᠯ ᠵᠣᠷᠢᠭ ᠲᠡᠭᠦᠯᠳᠡᠷ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠭᠦ ᠨᠠᠮ ᠤᠨ ᠭᠤᠣᠯᠯᠠᠭᠴᠢ ᠳᠠᠭᠠᠭᠤᠯᠤᠭᠴᠢ ᠵᠠᠯᠠᠭᠤᠷᠴᠢᠨ ᠪᠣᠯᠤᠭᠰᠠᠨ ᠤ ᠬᠤᠪᠢ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ ᠨᠡᠷᠡᠮᠵᠢᠲᠦ ᠲᠣᠮᠣ ᠬᠥᠯᠭᠡ ᠣᠩᠭᠤᠴᠠ ᠯᠠᠪᠲᠠᠢ ᠳᠠᠪᠠᠯᠭᠠᠨ ᠢ ᠵᠦᠰᠦᠨ ᠤᠷᠤᠭᠰᠢᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠪᠣᠯᠣᠨ᠎ᠠ ᠭᠡᠵᠦ ᠰᠠᠨᠠᠯ ᠨᠢᠭᠡᠲᠡᠢ ᠦᠵᠡᠪᠡ᠃    ᠥᠭᠡᠷᠡᠴᠢᠯᠡᠯᠲᠡ ᠶᠢᠨ ᠠᠤᠭ᠎ᠠ ᠲᠥᠰᠥᠪ ᠢ ᠵᠢᠷᠤᠭᠯᠠᠵᠤ ᠴᠠᠭ ᠦᠶ᠎ᠡ ᠶᠢᠨ ᠰᠢᠨ᠎ᠡ ᠬᠠᠭᠤᠳᠠᠰᠤ ᠶᠢ ᠲᠠᠭᠢᠨ ᠪᠢᠴᠢᠭᠯᠡᠨ᠎ᠡ — ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠤᠨ᠎ᠠ    ︽ᠪᠠᠲᠤᠯᠠᠭᠳᠠᠯ᠎ᠠ︕︾    7 ᠰᠠᠷ᠎ᠠ ᠶᠢᠨ 18 ᠤ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠳᠤ᠃ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠳᠠᠭᠤᠰᠬᠤ ᠶᠢ ᠳᠠᠭᠠᠯᠳᠤᠨ᠂ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃    ᠡᠨᠡ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠦᠢᠯᠡᠳᠦᠯᠭᠡ ᠶᠢᠨ ᠦᠷᠭᠦᠯᠵᠢᠯᠡᠯ ᠮᠥᠨ᠂ ᠪᠠᠰᠠ ᠴᠤ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠮᠥᠨ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ᠂ ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠤᠭ ᠢ ᠥᠨᠳᠥᠷ ᠮᠠᠨᠳᠤᠭᠤᠯᠵᠠᠢ᠃    2 ᠲᠦᠮᠡ ᠭᠠᠷᠤᠢ ᠦᠰᠦᠭ ᠲᠠᠢ ᠪᠢᠴᠢᠭ ᠮᠠᠲ᠋ᠧᠷᠢᠶᠠᠯ ᠨᠢ ᠵᠠᠭᠤᠨ ᠵᠢᠯ ᠤᠨ ᠲᠣᠮᠣ ᠨᠠᠮ ᠤᠨ ᠵᠣᠷᠢᠭ ᠪᠣᠰᠤᠭ᠎ᠠ ᠵᠢᠪᠬᠤᠭ᠎ᠠ ᠲᠡᠭᠦᠯᠳᠡᠷ᠂ ᠴᠥᠬᠦᠷᠡᠰᠢ ᠦᠭᠡᠢ ᠯᠠᠪᠳᠠᠭᠤᠨ ᠪᠠᠲᠤᠲᠠᠢ ᠵᠠᠮᠨᠠᠬᠤ ᠥᠭᠡᠷᠡᠴᠢᠯᠡᠯᠲᠡ ᠶᠢᠨ ᠠᠤᠭ᠎ᠠ ᠲᠥᠰᠥᠪ ᠢ ᠵᠢᠷᠤᠭᠯᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠡᠷᠡᠯᠬᠡᠭᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠬᠦ ᠢᠳᠡ ᠬᠦᠴᠦᠲᠡᠢ ᠠᠯᠬᠤᠭ᠎ᠠ ᠶᠢ ᠭᠡᠷᠡᠴᠢᠯᠡᠪᠡ᠃    ︽ᠲᠣᠭᠲᠠᠭᠠᠯ︾ ᠨᠢ ᠨᠡᠶᠢᠳᠡ 15 ᠪᠦᠯᠦᠭ ᠪᠠᠶᠢᠵᠤ᠂ ︽1+13+1︾ ᠭᠤᠷᠪᠠᠨ ᠶᠡᠭᠡ ᠬᠡᠰᠡᠭ ᠬᠤᠪᠢᠶᠠᠪᠠ᠃ ᠨᠢᠭᠡᠳᠦᠭᠡᠷ ᠶᠡᠭᠡ ᠬᠡᠰᠡᠭ ᠪᠣᠯ ᠶᠡᠷᠦᠩᠬᠡᠢ ᠥᠭᠦᠯᠡᠯᠲᠡ ᠮᠥᠨ᠂ ᠭᠤᠣᠯᠳᠠᠭᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠬᠤᠶᠠᠳᠤᠭᠠᠷ ᠶᠡᠭᠡ ᠬᠡᠰᠡᠭ ᠨᠢ ᠬᠤᠪᠢᠶᠠᠷᠢ ᠥᠭᠦᠯᠡᠯᠲᠡ ᠪᠠᠶᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠤᠯᠭᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠠᠶᠢᠷᠢᠯᠠᠭᠤᠯᠪᠠ᠃ ᠭᠤᠷᠪᠠᠳᠤᠭᠠᠷ ᠶᠡᠭᠡ ᠬᠡᠰᠡᠭ ᠲᠤ ᠭᠤᠣᠯᠳᠠᠭᠤ ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠶᠠᠷᠢᠪᠠ᠃    ᠲᠣᠭᠲᠠᠭᠠᠯ ᠤᠨ ᠨᠣᠣᠷᠠᠭ ᠨᠡᠶᠢᠲᠡ 60 ᠵᠤᠷᠪᠤᠰ ᠪᠠᠶᠢᠵᠤ᠂ ᠶᠠᠭ ᠰᠠᠶᠢᠬᠠᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ 60 ᠵᠤᠷᠪᠤᠰ ᠠᠷᠭ᠎ᠠ ᠬᠡᠮᠵᠢᠶ᠎ᠡ ᠯᠦᠭᠡ ᠠᠪᠴᠠᠯᠳᠤᠨ ᠵᠣᠯᠭᠠᠯᠳᠤᠬᠤ ᠶᠢᠨ ᠬᠠᠮᠲᠤ ᠪᠠᠰᠠ ᠣᠨᠣᠯ ᠪᠠ ᠦᠢᠯᠡᠳᠦᠯᠭᠡ ᠶᠢᠨ ᠲᠠᠯ᠎ᠠ ᠪᠠᠷ ᠢᠯᠡ ᠲᠣᠳᠣ ᠣᠨᠴᠠᠯᠢᠭ ᠢ ᠢᠯᠡᠷᠡᠭᠦᠯᠦᠭᠰᠡᠨ ᠢ ᠬᠥᠮᠥᠰ ᠠᠩᠬᠠᠷᠴᠤ ᠣᠯᠵᠠᠢ᠃    ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠣᠯ ᠰᠡᠳᠦᠪ ᠢ ᠲᠤᠭᠤᠰᠢᠯᠠᠭᠤᠯᠤᠨ ᠢᠯᠡᠷᠡᠭᠦᠯᠪᠡ —    ᠲᠡᠦᠬᠡ ᠶᠢᠨ ᠰᠢᠨ᠎ᠡ ᠭᠠᠷᠤᠭ᠎ᠠ ᠳᠤ ᠵᠣᠭᠰᠣᠵᠤ᠂ ︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠶᠢ ᠲᠣᠳᠣᠷᠬᠠᠶᠢᠯᠠᠪᠠ᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠤ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠨᠠᠩ ᠲᠡᠭᠦᠯᠳᠡᠷᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠲᠠᠯᠪᠢᠨ᠎ᠠ᠃    ᠡᠨᠡ ᠬᠦ ᠶᠡᠷᠦᠩᠬᠡᠢ ᠬᠠᠷᠠᠯᠲᠠ ᠨᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠲᠠᠢ ᠤᠯᠠᠮᠵᠢᠯᠠᠯ ᠨᠢᠭᠡᠲᠡᠢ ᠪᠥᠭᠡᠳ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠠᠪᠴᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠠᠷᠠᠯᠲᠠ ᠶᠢᠨ ᠤᠳᠤᠷᠢᠳᠤᠮᠵᠢ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠠᠶᠢᠨ᠎ᠠ᠃    ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠨᠠᠷᠢᠨ ᠨᠢᠮᠪᠠᠢ ᠲᠥᠯᠥᠪᠯᠡᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠤᠷᠳᠤ ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠬᠦ ︽ᠲᠤᠯᠤᠭᠠᠨ ᠠᠩᠬᠠᠷᠤᠯ ᠢᠶᠠᠨ ᠲᠥᠪᠯᠡᠷᠡᠭᠦᠯᠬᠦ︾ ᠶᠢ ᠳᠤᠷᠠᠳᠴᠤ᠂ ᠶᠡᠷᠦᠩᠬᠡᠢ ᠳᠡᠭᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠬᠠᠮᠤᠷᠤᠭᠰᠠᠨ ᠪᠠᠶᠢᠨ᠎ᠠ᠃    ᠥᠭᠡᠷᠡᠴᠢᠯᠡᠯᠲᠡ ᠶᠢᠨ ᠬᠥᠯᠭᠡ ᠣᠩᠭᠤᠴᠠ ᠶᠢᠨ ᠯᠠᠪᠳᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠵᠤ᠂ ︽ᠲᠣᠭᠲᠠᠭᠠᠯ︾ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ︽ᠵᠢᠷᠭᠤᠭ᠎ᠠ ᠶᠢ ᠪᠠᠷᠢᠮᠲᠠᠯᠠᠬᠤ︾ ᠵᠠᠷᠴᠢᠮ ᠢ ᠰᠠᠶᠢᠲᠤᠷ ᠲᠤᠭᠤᠰᠢᠯᠠᠭᠤᠯᠬᠤ ᠬᠡᠷᠡᠭᠲᠡᠢ ᠭᠡᠵᠦ ᠳᠤᠷᠠᠳᠪᠠ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠎ᠠ᠃    ︽ᠵᠢᠷᠭᠤᠭ᠎ᠠ ᠶᠢ ᠪᠠᠷᠢᠮᠲᠠᠯᠠᠬᠤ︾ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠮᠥᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠡᠷᠬᠡᠪᠰᠢ ᠨᠠᠷᠢᠨ ᠬᠢᠨᠠᠮᠠᠭᠠᠢ ᠲᠤᠭᠤᠰᠢᠯᠠᠭᠤᠯᠬᠤ ᠬᠡᠷᠡᠭᠲᠡᠢ᠃    ᠥᠭᠡᠷᠡᠴᠢᠯᠡᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢ ᠠᠳᠬᠤᠪᠠ —    ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠥᠲᠥᠯᠥᠮᠵᠢ ᠮᠥᠨ᠃ ︽ᠲᠣᠭᠲᠠᠭᠠᠯ︾ ᠤᠨ 13 ᠬᠡᠰᠡᠭ ᠤᠨ ᠬᠤᠪᠢᠶᠠᠷᠢ ᠥᠭᠦᠯᠡᠯᠲᠡ ᠶᠢᠨ ᠳᠣᠲᠣᠷ᠎ᠠ᠂ ᠠᠵᠤ ᠠᠬᠤᠢ ᠶᠢᠨ ᠬᠦᠷᠢᠶᠡᠨ ᠳᠤ ᠬᠤᠯᠪᠣᠭᠳᠠᠬᠤ ᠨᠢ ᠳᠠᠷᠤᠢ 6 ᠬᠡᠰᠡᠭ ᠪᠠᠶᠢᠵᠤ᠂ ᠴᠢᠬᠤᠯᠠ ᠬᠤᠪᠢ ᠶᠢᠨ ᠵᠢᠩ ᠲᠠᠢ ᠪᠠᠶᠢᠬᠤ ᠶᠢ ᠭᠦᠢᠴᠡᠳ ᠣᠯᠵᠤ ᠬᠠᠷᠠᠵᠤ ᠪᠣᠯᠣᠨ᠎ᠠ᠃    ︽ᠲᠣᠭᠲᠠᠭᠠᠯ︾ ᠳᠤ ᠥᠨᠳᠥᠷ ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠪᠤᠰᠤᠳ ᠥᠭᠡᠷᠡᠴᠢᠯᠡᠯᠲᠡ ᠶᠢ ᠬᠥᠲᠥᠯᠥᠨ ᠳᠠᠶᠢᠴᠢᠯᠠᠪᠠ᠄    ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠵᠠᠰᠠᠭ ᠵᠠᠬᠢᠷᠭ᠎ᠠ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠵᠤ᠂ ᠪᠦᠭᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠦᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠬᠢᠳᠡᠯ ᠢ ᠴᠡᠪᠡᠷᠯᠡᠨ ᠬᠦᠴᠦᠨ ᠦᠭᠡᠢ ᠪᠤᠯᠭᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠥᠮᠴᠢᠯᠡᠬᠦ ᠡᠷᠬᠡ ᠪᠠ ᠬᠠᠤᠯᠢ ᠶᠣᠰᠣᠨ ᠤ ᠠᠰᠢᠭ ᠲᠤᠰᠠ ᠳᠤ ᠬᠠᠯᠳᠠᠭᠰᠠᠨ ᠦᠢᠯᠡ ᠠᠵᠢᠯᠯᠠᠭ᠎ᠠ ᠳᠤ ᠠᠳᠠᠯᠢ ᠬᠠᠷᠢᠭᠤᠴᠠᠯᠭ᠎ᠠ ᠨᠡᠬᠡᠮᠵᠢᠯᠡᠵᠦ ᠶᠠᠯ᠎ᠠ ᠣᠨᠣᠭᠳᠠᠭᠤᠯᠵᠤ ᠠᠳᠠᠯᠢ ᠰᠢᠢᠳᠬᠡᠯ ᠥᠭᠭᠦᠨ᠎ᠡ ᠁    ᠡᠭᠦᠨ ᠤ ᠵᠡᠷᠭᠡ ᠪᠠᠷ᠂ ︽ᠲᠣᠭᠲᠠᠭᠠᠯ︾ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠳᠦᠷᠢᠮ ᠤᠨ ᠬᠠᠩᠭᠠᠯᠭ᠎ᠠ ᠶᠢ ᠴᠢᠩᠭᠠᠳᠬᠠᠵᠤ᠂ ᠢᠷᠡᠭᠡᠳᠦᠢ ᠶᠢᠨ ᠠᠵᠤ ᠦᠢᠯᠡᠰ ᠤᠨ ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ ᠨᠡᠮᠡᠭᠳᠡᠭᠦᠯᠵᠦ᠂ ᠣᠷᠣᠨ ᠨᠤᠲᠤᠭ ᠤᠨ ᠭᠠᠶᠢᠯᠢ ᠶᠢᠨ ᠢᠷᠡᠯᠲᠡ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠶᠢ ᠳᠤᠷᠠᠳᠴᠤ᠂ ᠥᠭᠡᠷᠡᠴᠢᠯᠡᠯᠲᠡ ᠪᠠᠷ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠤᠯᠠᠮ ᠨᠢᠭᠡ ᠠᠯᠬᠤᠮ ᠪᠤᠶ ᠪᠤᠯᠭᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ ᠭᠡᠵᠦ ᠳᠤᠷᠠᠳᠪᠠ᠃    ᠵᠥᠪᠭᠡᠨ ᠠᠵᠤ ᠠᠬᠤᠢ ᠶᠢᠨ ᠬᠦᠷᠢᠶ᠎ᠡ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠪᠠᠷ ᠵᠣᠬᠰᠣᠬᠤ ᠦᠭᠡᠢ ᠁ ︽ᠲᠣᠭᠲᠠᠭᠠᠯ︾ ᠨᠢ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠤᠣᠯ ᠵᠥᠷᠢᠴᠡᠯ ᠢ ᠠᠳᠬᠤᠵᠤ᠂ ᠪᠠᠷᠠᠯᠠᠯᠳᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠥᠭᠡᠷᠡᠴᠢᠯᠡᠯᠲᠡ ᠪᠠᠷ ᠳᠠᠮᠵᠢᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠡᠯ᠎ᠡ ᠲᠠᠯ᠎ᠠ ᠶᠢᠨ ᠠᠰᠠᠭᠤᠳᠠᠯ ᠪᠠ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠶ ᠠᠷᠢᠯᠭᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠠ ᠦᠢᠯᠡᠳᠪᠦᠷᠢᠯᠡᠯ ᠤᠨ ᠬᠦᠴᠦᠨ᠂ ᠳᠡᠭᠡᠳᠦ ᠳᠠᠪᠬᠤᠷᠭ᠎ᠠ ᠪᠠ ᠠᠵᠤ ᠠᠬᠤᠢ ᠶᠢᠨ ᠰᠠᠭᠤᠷᠢ᠂ ᠲᠦᠷᠦ ᠶᠢᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠵᠣᠬᠢᠴᠠᠯᠳᠤᠬᠤ ᠶᠢ ᠠᠬᠢᠭᠤᠯᠪᠠ᠃    ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠭᠡᠳᠦ ᠶᠢᠨ ᠠᠰᠢᠭ ᠲᠤᠰᠠ ᠠᠴᠠ ᠡᠭᠦᠰᠴᠦ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠦ ᠠᠬᠢᠭᠤᠯᠪᠠ —    ︽ᠲᠣᠭᠲᠠᠭᠠᠯ︾ ᠤᠨ ᠪᠦᠭᠦ ᠠᠭᠤᠯᠭ᠎ᠠ ᠶᠢ ᠦᠵᠡᠬᠦ ᠳᠤ᠂ ᠰᠤᠷᠤᠬᠴᠢᠳ ᠤᠨ ᠳᠠᠳᠤᠯᠭ᠎ᠠ ᠦᠢᠯᠡᠳᠦᠯᠭᠡ ᠬᠢᠬᠦ ᠡᠨᠡ ᠬᠦ ᠶᠠᠯᠢᠮ ᠦᠭᠡᠢ ᠪᠠᠭ᠎ᠠ ᠶᠠᠪᠤᠳᠠᠯ ᠢ ᠴᠤ ᠲᠥᠪ ᠤᠨ ᠪᠢᠴᠢᠭ ᠮᠠᠲ᠋ᠧᠷᠢᠶᠠᠯ ᠳᠤ ᠪᠢᠴᠢᠵᠦ ᠣᠷᠣᠭᠤᠯᠪᠠ᠃    ᠠᠷᠠᠳ ᠤᠯᠠᠨ ᠶᠠᠭᠤ ᠶᠢ ᠬᠠᠯᠠᠮᠵᠢᠯᠠᠵᠤ᠂ ᠶᠠᠭᠤ ᠶᠢ ᠬᠦᠰᠡᠵᠦ ᠪᠠᠶᠢᠪᠠᠯ᠂ ᠥᠭᠡᠷᠡᠴᠢᠯᠡᠯᠲᠡ ᠳᠠᠷᠤᠢ ᠶᠠᠭᠤ ᠶᠢ ᠠᠳᠬᠤᠵᠤ᠂ ᠶᠠᠭᠤ ᠶᠢ ᠠᠬᠢᠭᠤᠯᠬᠤ ᠬᠡᠷᠡᠭᠲᠡᠢ᠃ ︽ᠲᠣᠭᠲᠠᠭᠠᠯ︾ ᠳᠤ ᠳᠤᠷᠠᠳᠤᠭᠰᠠᠨ ᠠᠯᠢ ᠤᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯ ᠬᠥᠭᠵᠢᠯᠲᠡ ᠶᠢᠨ ᠬᠡᠷᠡᠭᠴᠡᠭᠡ᠂ ᠨᠡᠩ ᠴᠤ ᠠᠷᠠᠳ ᠤᠨ ᠰᠡᠳᠬᠢᠯ ᠤᠨ ᠬᠠᠨᠳᠤᠰᠢ ᠪᠠᠶᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠄    ᠠᠮᠢᠳᠤᠯᠢᠭ ᠢᠶᠠᠷ ᠠᠵᠢᠯ ᠣᠯᠣᠭᠰᠠᠳ᠂ ᠬᠥᠯᠥᠰᠦᠨ ᠲᠠᠷᠢᠶᠠᠴᠢᠳ᠂ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠠᠵᠢᠯ ᠣᠯᠣᠭᠰᠠᠨ ᠭᠠᠵᠠᠷ ᠲᠠᠭᠠᠨ ᠳᠠᠭᠠᠳᠬᠠᠯ ᠳᠤ ᠣᠷᠤᠯᠴᠠᠬᠤ ᠡᠷᠦᠭᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠵᠤ᠂ ᠬᠥᠮᠥᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠵᠦ᠂ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ᠂ ᠠᠮᠢᠳᠤᠯᠢᠭ ᠪᠠᠶᠢᠯᠭᠠᠬᠤ ᠵᠠᠷᠴᠢᠮ ᠶᠣᠰᠣᠭᠠᠷ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ ᠁    ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠨᠡᠩ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃    ᠰᠢᠰᠲ᠋ᠧᠮᠵᠢᠨ ᠬᠤᠷᠠᠬᠤ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠬᠠᠷᠢᠯᠴᠠᠨ ᠬᠠᠮᠵᠢᠯᠴᠠᠵᠤ᠂ ᠬᠠᠮᠵᠢᠯᠴᠠᠨ ᠥᠨᠳᠥᠷ ᠪᠦᠲᠦᠮᠵᠢᠲᠡᠶ ᠪᠣᠯᠪᠠ —    ᠮᠡᠷᠭᠡᠨ ᠪᠣᠳᠣᠯᠭᠠᠲᠠᠳ ᠪᠠᠶᠢᠳᠠᠯ ᠢ ᠰᠦᠪᠡᠭᠴᠢᠯᠡᠵᠦ᠂ ᠮᠡᠷᠭᠡᠨ ᠪᠣᠳᠣᠯᠭᠠᠲᠠᠳ ᠠᠯᠤᠰ ᠢ ᠵᠣᠷᠢᠨ᠎ᠠ᠃ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠪᠦᠭᠦ ᠲᠠᠯ᠎ᠠ ᠶᠢᠨ ᠴᠢᠨᠠᠷᠲᠠᠢ ᠪᠠ ᠠᠯᠤᠰ ᠭᠡᠲᠦ ᠶᠢᠨ ᠴᠢᠨᠠᠷᠲᠠᠢ ᠵᠢᠯᠤᠭᠤᠳᠬᠤ ᠦᠢᠯᠡᠳᠦᠯ ᠲᠠᠢ ᠤᠯᠤᠰ ᠲᠥᠷᠥ ᠶᠢᠨ ᠪᠢᠴᠢᠭ ᠮᠠᠲ᠋ᠧᠷᠢᠶᠠᠯ ᠪᠣᠯᠤᠭᠰᠠᠨ ᠤ ᠬᠤᠪᠢ ᠳᠤ᠂ ︽ᠲᠣᠭᠲᠠᠭᠠᠯ︾ ᠳᠤ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠠᠴᠠ ᠡᠭᠦᠰᠴᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠰᠠᠭᠤᠷᠢ ᠴᠢᠨᠠᠷᠲᠠᠢ ᠪᠠ ᠬᠥᠲᠥᠯᠥᠮᠵᠢ ᠶᠢᠨ ᠦᠢᠯᠡᠳᠦᠯ ᠲᠠᠢ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠲᠥᠭᠦᠷᠵᠢᠭᠦᠯᠭᠦ ᠶᠢ ᠴᠢᠩᠭᠠᠳᠬᠠᠵᠤ᠂ ᠬᠤᠯᠪᠣᠭᠳᠠᠯ ᠪᠦᠬᠦᠢ ᠬᠦᠷᠢᠶᠡᠨ ᠤ ᠣᠶᠢᠷᠠᠯᠴᠠᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠪᠠ᠃    ︽ᠲᠣᠭᠲᠠᠭᠠᠯ︾ ᠤᠨ ᠨᠢᠭᠡᠨ ᠢᠯᠡ ᠲᠣᠳᠣ ᠣᠨᠴᠠᠯᠢᠭ ᠪᠣᠯ ᠳᠠᠷᠤᠢ ᠰᠢᠰᠲ᠋ᠧᠮᠵᠢᠭᠦᠯᠦᠨ ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠠᠷᠠᠯᠲᠠ ᠡᠭᠦᠷᠭᠡ ᠪᠠ ᠴᠢᠬᠤᠯᠠ ᠶᠡᠭᠡ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠪᠣᠷᠣ ᠲᠥᠯᠥᠪ ᠤᠨ ᠳᠣᠣᠷ᠎ᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠭᠠᠯᠠᠨ ᠲᠥᠯᠥᠪᠯᠡᠵᠦ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠥᠯᠦᠪᠵᠢᠭᠦᠯᠭᠡ᠂ ᠰᠢᠰᠲ᠋ᠧᠮ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠨᠡᠩ ᠢᠯᠡᠭᠦᠦ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠠᠮᠵᠢᠯᠴᠠᠨ ᠥᠨᠳᠥᠷ ᠪᠦᠲᠦᠮᠵᠢᠲᠡᠢ ᠪᠤᠯᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃    ︽ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ︾ ᠪᠠᠷ ᠵᠢᠱᠢᠶᠡᠯᠡᠪᠡᠯ᠂ ︽ᠲᠣᠭᠲᠠᠭᠠᠯ︾ ᠨᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠬᠦᠷᠢᠶ᠎ᠡ ᠡᠯ᠎ᠡ ᠬᠡᠰᠡᠭ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠠᠳᠠᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠤᠯᠤᠰ ᠲᠥᠷᠥ ᠶᠢᠨ ᠪᠠᠲᠤᠯᠠᠭ᠎ᠠ ᠶᠢ ᠴᠢᠩᠭᠠᠳᠬᠠᠵᠤ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠤᠨ᠎ᠠ —    ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠬᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃    ︽ᠲᠣᠭᠲᠠᠭᠠᠯ︾ ᠳᠤ ᠲᠤᠰᠬᠠᠶᠢᠯᠠᠨ ᠨᠢᠭᠡ ᠬᠡᠰᠡᠭ ᠢᠶᠠᠷ ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠪᠠᠶᠢᠷᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠤᠯᠤᠰ ᠲᠦᠷᠦ ᠶᠢᠨ ᠵᠢᠯᠣᠭᠤᠳᠤᠯᠭ᠎ᠠ ᠪᠠ ᠤᠯᠤᠰ ᠲᠦᠷᠦ ᠶᠢᠨ ᠪᠠᠲᠤᠯᠠᠭ᠎ᠠ ᠪᠤᠯᠭᠠᠬᠰᠠᠨ ᠪᠥᠭᠡᠳ ᠪᠠᠰᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠪᠠ᠃    ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠭᠡᠯᠪᠡᠷᠢ ᠶᠢᠨ ᠢᠯᠵᠢᠷᠡᠯ ᠪᠣᠯᠣᠨ ᠲᠠᠯᠳᠠ ᠢᠯᠵᠢᠷᠡᠯ ᠢ ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠤᠨ᠎ᠠ ᠁ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠬᠤ ᠡᠷᠡᠰ ᠪᠠᠲᠤ ᠪᠠ ᠰᠡᠷᠭᠡᠭ ᠴᠢᠨᠠᠷ ᠢ ᠭᠦᠢᠴᠡᠳ ᠢᠯᠡᠷᠡᠭᠦᠯᠪᠡ᠃    ᠥᠭᠡᠷᠡᠴᠢᠯᠡᠯᠲᠡ ᠶᠢᠨ ᠬᠠᠯᠠᠭᠤᠨ ᠥᠷᠨᠢᠯᠲᠡ ᠭᠠᠷᠴᠤ᠂ ᠬᠡᠩᠭᠡᠷᠭᠡ ᠳᠡᠯᠡᠳᠦᠨ ᠭᠠᠪᠰᠢᠭᠠᠶᠢᠯᠠᠨ ᠮᠣᠷᠳᠠᠪᠠ᠃ ᠭᠡᠲᠡᠯ᠎ᠡ᠂ ᠬᠡᠷᠪᠡ ᠰᠡᠳᠬᠢᠯ ᠰᠢᠭᠤᠳᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠦᠭᠡᠢ ᠪᠣᠯ ᠬᠡᠳᠦᠢ ᠰᠠᠶᠢᠨ ᠬᠠᠷᠠᠯᠲᠠ᠂ ᠬᠡᠳᠦᠢ ᠰᠠᠶᠢᠨ ᠵᠢᠷᠤᠭ ᠲᠥᠰᠥᠪ ᠴᠦ ᠲᠣᠯᠢᠨ ᠳᠠᠬᠢ ᠴᠡᠴᠡᠭ᠂ ᠤᠰᠤᠨ ᠳᠠᠬᠢ ᠰᠠᠷᠠ ᠲᠡᠳᠦᠢ ᠯᠡ ᠪᠤᠯᠬᠤ ᠶᠤᠮ᠃    ︽ᠲᠣᠭᠲᠠᠭᠠᠯ︾ ᠤᠨ 60 ᠵᠦᠢᠯ ᠳᠠᠬᠢ ᠬᠠᠮᠤᠭ ᠤᠨ ᠰᠡᠭᠦᠯᠴᠢ ᠶᠢᠨ ᠨᠢᠭᠡ ᠵᠦᠢᠯ ᠳᠤ ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︾ ᠭᠡᠵᠦ ᠣᠨᠴᠠᠭᠠᠶᠢᠯᠠᠨ ᠴᠢᠬᠤᠯᠠᠴᠢᠯᠠᠪᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠢᠭᠡ ᠵᠢᠷᠤᠭ ᠲᠥᠰᠥᠪ ᠢ ᠲᠤᠭᠤᠰᠢᠲᠠᠢ ᠵᠢᠷᠤᠭᠯᠠᠵᠤ᠂ ᠨᠢᠭᠡ ᠨᠢᠭᠡ ᠠᠯᠬᠤᠮ ᠢᠶᠠᠷ ᠠᠵᠢᠯᠯᠠᠪᠠᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ ᠯᠠᠪᠲᠠᠢ ᠴᠢᠳᠠᠬᠤ ᠶᠤᠮ᠃    ᠲᠤᠭ ᠡᠷᠭᠦᠨ ᠴᠢᠭᠯᠡᠯ ᠢ ᠲᠣᠭᠲᠠᠭᠠᠬᠤ ᠲᠤᠩᠬᠠᠭ ᠪᠢᠴᠢᠭ ᠮᠥᠨ᠂ ᠪᠠᠰᠠ ᠴᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠠᠮ ᠤᠨ ᠵᠢᠷᠤᠭ ᠮᠥᠨ᠃ ︽ᠲᠣᠭᠲᠠᠭᠠᠯ︾ ᠨᠢ ᠮᠠᠨ ᠤ ᠨᠠᠮ ᠤᠨ ᠣᠷᠣᠰᠢᠵᠤ ᠪᠠᠶᠢᠭ᠎ᠠ ᠴᠠᠭ ᠦᠶ᠎ᠡ ᠶᠢᠨ ᠣᠷᠴᠢᠨ ᠨᠥᠬᠦᠴᠡᠯ᠂ ᠠᠶᠤᠯ ᠲᠦᠭᠰᠢᠭᠦᠷᠢ ᠥᠷᠢᠰᠦᠯᠳᠦᠭᠡᠨ᠂ ᠪᠠᠶᠢᠯᠳᠤᠬᠤ ᠪᠣᠳᠣᠯᠭ᠎ᠠ ᠶᠢᠨ ᠴᠢᠭᠯᠡᠯ ᠤᠨ ᠲᠤᠬᠠᠢ ᠣᠨᠣᠪᠴᠢᠲᠠᠢ ᠮᠠᠭᠠᠳᠯᠠᠯᠲᠠ ᠶᠢ ᠨᠢᠭᠲᠠᠷᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ᠂ ᠶᠡᠷᠦᠩᠬᠡᠢ ᠬᠠᠷᠠᠯᠲᠠ᠂ ᠭᠤᠣᠯ ᠰᠢᠪᠲᠤᠯᠬᠤ ᠴᠢᠭᠯᠡᠯ ᠤᠨ ᠲᠤᠬᠠᠢ ᠭᠦᠨᠵᠡᠭᠡᠢ ᠡᠵᠡᠮᠳᠡᠯ ᠢ ᠨᠢᠭᠲᠠᠷᠠᠭᠤᠯᠵᠤ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠭᠦᠨᠵᠡᠭᠡᠢ ᠪᠣᠳᠣᠯᠬᠢᠯᠠᠯ ᠪᠠ ᠡᠷᠴᠢ ᠵᠣᠷᠢᠭ ᠢ ᠨᠢᠭᠲᠠᠷᠠᠭᠤᠯᠵᠠᠢ᠃    ᠲᠡᠦᠬᠡ ᠶᠢᠨ ᠤᠷᠭᠢᠯ ᠳᠤ ᠵᠣᠭᠰᠣᠨ ᠡᠷᠭᠢᠨ ᠬᠠᠷᠠᠬᠤᠶ᠎ᠠ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠨᠡᠭᠡᠭᠡᠬᠦ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠰᠢᠰᠲ᠋ᠧᠮ ᠲᠠᠢ ᠪᠦᠬᠦᠯᠢ ᠴᠣᠭᠴᠠ ᠪᠠᠷ ᠲᠥᠯᠥᠪᠯᠡᠨ ᠠᠬᠢᠭᠤᠯᠬᠤ ᠰᠢᠨ᠎ᠡ ᠠᠶᠠᠨ ᠢ ᠡᠬᠢᠯᠡᠭᠦᠯᠬᠦ ᠭᠦᠷᠲᠡᠯ᠎ᠡ᠂ ᠲᠠᠭᠢᠭᠠᠳ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠥᠷᠭᠡᠴᠡ ᠪᠠ ᠭᠦᠨᠴᠡ ᠲᠡᠶᠢᠰᠢ ᠠᠬᠢᠭᠤᠯᠬᠤ ᠭᠦᠷᠲᠡᠯ᠎ᠡ᠂ ᠭᠤᠷᠪᠠ ᠤᠳᠠᠭ᠎ᠠ ᠶᠢᠨ ︽ᠭᠤᠷᠪᠠᠳᠤᠭᠠᠷ ᠪᠦᠭᠦᠳᠠ ᠬᠤᠷᠠᠯ︾ ᠨᠢ ᠢᠮᠠᠭᠲᠠ᠂ ᠤᠳᠤᠮ ᠤᠯᠠᠮᠵᠢᠯᠠᠯ ᠨᠢᠭᠡᠲᠡᠢ ᠶᠤᠮ᠄    — ᠳᠤᠮᠳᠠᠳᠤ ᠤᠯᠤᠰ ᠤᠨ ᠡᠪ ᠬᠠᠮᠲᠤᠴᠤᠳ ᠤᠨ ᠤᠷᠤᠭᠰᠢᠯᠠᠯᠲᠠ ᠶᠢᠨ ᠡᠷᠴᠢ ᠵᠣᠷᠢᠭ ᠬᠤᠪᠢᠷᠠᠰᠢ ᠦᠭᠡᠢ᠃ ᠡᠯ᠎ᠡ ᠵᠦᠢᠯ ᠤᠨ ᠠᠶᠤᠯ ᠲᠦᠭᠰᠢᠭᠦᠷᠢ ᠰᠢᠯᠭᠠᠯᠲᠠ ᠶᠢᠨ ᠡᠮᠦᠨ᠎ᠡ᠂ ᠪᠢᠳᠡ ᠵᠣᠷᠢᠭ ᠮᠣᠬᠤᠬᠤ ᠦᠭᠡᠢ᠂ ᠵᠠᠮ ᠬᠤᠪᠢᠷᠠᠬᠤ ᠦᠭᠡᠢ ᠪᠠᠶᠢᠵᠤ᠂ ᠪᠠᠷᠠᠭᠠᠨ ᠡᠭᠦᠯᠡ ᠬᠠᠷᠠᠭ᠎ᠠ ᠬᠠᠯᠬᠠᠯᠠᠬᠤ ᠠᠴᠠ ᠠᠶᠤᠬᠤ ᠦᠭᠡᠢ ᠪᠠᠶᠢᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠨ᠎ᠡ᠃    — ᠦᠨᠡᠨ ᠠᠴᠠ ᠵᠥᠪ ᠢ ᠡᠷᠢᠬᠦ ᠶᠢ ᠢᠮᠠᠭᠲᠠ ᠪᠠᠷᠢᠮᠲᠠᠯᠠᠵᠤ᠂ ᠬᠠᠷᠠᠯᠲᠠ ᠪᠠᠲᠤ ᠴᠢᠩᠭ᠎ᠠ ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠨ᠎ᠠ᠃ ᠥᠭᠡᠷᠡᠴᠢᠯᠡᠯᠲᠡ ᠶᠢᠨ ᠠᠬᠢᠴᠠ ᠳᠤ ᠨᠢᠭᠡᠨᠲᠡ ᠭᠠᠷᠤᠭᠰᠠᠨ ᠪᠠ ᠭᠠᠷᠴᠤ ᠮᠡᠳᠡᠬᠦ ᠠᠰᠠᠭᠤᠳᠠᠯ ᠢ ︽ᠶᠠᠭᠠᠷᠠᠤ ᠰᠠᠨᠳᠤᠷᠤᠤ︾᠂ ︽ᠬᠡᠢ ᠬᠤᠭᠤᠰᠤᠨ ᠠᠮᠠᠯᠠᠯᠲᠠ︾ ᠬᠢᠬᠦ ᠦᠭᠡᠢ᠂ ᠬᠠᠷᠢᠨ ᠬᠦᠴᠢᠷ ᠪᠡᠷᠬᠡᠰᠢᠶᠡᠯ ᠢ ᠨᠢᠭᠡᠳ ᠨᠢᠭᠡ ᠪᠠᠷ ᠢᠯᠠᠨ ᠳᠠᠪᠠᠵᠤ᠂ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠣᠷᠢᠭᠲᠠᠢ ᠪᠠᠷ ᠠᠷᠭ᠎ᠠ ᠭᠠᠷᠭᠠᠬᠤ ᠪᠥᠭᠡᠳ ᠪᠠᠰᠠ ᠴᠢᠳᠠᠮᠠᠭᠠᠢ ᠪᠠᠷ ᠠᠷᠭᠠᠴᠠᠭᠠᠨ᠎ᠠ᠃    — ᠠᠷᠠᠳ ᠣᠯᠠᠨ ᠤ ᠶᠠᠪᠤᠳᠠᠯ ᠢ ᠬᠡᠵᠢᠶᠡᠳᠡ ᠬᠠᠮᠤᠭ ᠤᠨ ᠴᠢᠬᠤᠯᠠ ᠶᠠᠪᠤᠳᠠᠯ ᠪᠣᠯᠭᠠᠨ᠎ᠠ᠃ ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠡᠭᠦᠰᠦᠯᠲᠡ ᠪᠠ ᠦᠷ᠎ᠡ ᠳ᠋ᠦᠩ ᠪᠤᠯᠭᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠥᠭᠡᠷᠡᠴᠢᠯᠡᠯᠲᠡ ᠶᠢ ᠠᠬᠢᠭᠤᠯᠬᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠢᠯᠭᠠᠬᠤ ᠯᠣᠭᠢᠭ ᠤᠨ ᠭᠠᠷᠤᠭ᠎ᠠ ᠪᠠ ᠦᠷᠳᠡᠭ ᠤᠨ ᠲᠦᠰᠢᠭ ᠪᠤᠯᠭᠠᠬᠤ ᠶᠢ ᠪᠠᠷᠢᠮᠲᠠᠯᠠᠨ᠎ᠠ᠃    — ᠪᠠᠲᠤ ᠴᠢᠩᠭ᠎ᠠ ᠤᠳᠤᠷᠢᠳᠬᠤ ᠭᠤᠣᠯᠯᠠᠭᠴᠢ ᠶᠢ ᠳᠠᠪᠲᠠᠨ ᠪᠣᠯᠪᠠᠰᠤᠷᠠᠭᠤᠯᠤᠨ᠎ᠠ᠃ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠮᠠᠨ ᠤ ᠨᠠᠮ ᠤᠨ ᠲᠠᠰᠤᠷᠠᠯᠳᠠ ᠦᠭᠡᠢ ᠢᠯᠠᠯᠲᠠ ᠠᠴᠠ ᠰᠢᠨ᠎ᠡ ᠢᠯᠠᠯᠲᠠ ᠲᠡᠶᠢᠰᠢ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠥᠨᠳᠥᠷ ᠤᠷᠭᠢᠯ ᠳᠤᠷ ᠳᠠᠬᠢᠨᠲᠠ ᠠᠪᠠᠷᠢᠨ ᠰᠢᠨ᠎ᠡ ᠣᠷᠴᠢᠯᠠᠩ ᠢ ᠨᠡᠭᠡᠭᠡᠵᠦ᠂ ᠵᠣᠷᠢᠭᠲᠠᠢ ᠪᠠᠷ ᠳᠠᠷᠪᠠᠭᠤᠯ ᠬᠡᠶᠢᠰᠬᠡᠨ ᠤᠷᠤᠰᠬᠠᠯ ᠤᠨ ᠡᠮᠦᠨ᠎ᠡ ᠵᠣᠭᠰᠣᠪᠠ᠃    ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠠᠯ︾ ᠤᠨ ︽ᠤᠳᠬᠠᠴᠢᠯᠠᠭᠰᠠᠨ ᠵᠢᠷᠤᠭ︾ ᠢ ᠲᠠᠰᠤᠷᠠᠯᠳᠠ ᠦᠭᠡᠢ ︽ᠭᠤᠶᠢᠳᠠ ᠵᠢᠷᠤᠭ︾᠂ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠪᠠᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠯᠠᠪᠲᠠᠢ ᠲᠦᠷᠭᠡᠨ ᠪᠥᠭᠡᠳ ᠯᠠᠪᠳᠠᠭᠤᠨ ᠢᠶᠠᠷ ᠠᠬᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠲᠠᠢ ᠲᠣᠮᠣ ᠠᠯᠬᠤᠮ ᠢᠶᠠᠷ ᠠᠬᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠠᠪᠲᠠᠢ ᠨᠡᠩ ᠭᠡᠭᠡᠨ ᠰᠠᠷᠠᠭᠤᠯ ᠠᠯᠤᠰ ᠢᠷᠡᠭᠡᠳᠦᠢ ᠲᠠᠢ ᠪᠤᠯᠬᠤ ᠶᠤᠮ︕       
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号