ᠢᠦᠢ ᠵᠢᠢ ᠱᠦᠨ ᠤᠯᠠᠭᠠᠨᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/29
      7 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠤᠯᠠᠭᠠᠨᠬᠤᠲᠠ ᠳᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠶ᠋ᠯᠡᠳᠪᠦᠷᠢᠯᠡᠯ ᠠᠵᠢᠯᠯᠠᠭᠠᠨ᠂ ᠠᠶᠤᠯᠭᠦᠶ  ᠦᠢᠯᠡᠳᠪᠦᠷᠢᠡᠯᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠢᠦᠶ ᠵᠢᠶ ᠱᠦᠨ ᠤᠷᠢᠳ ᠬᠤᠵᠢᠳ ᠵᠥᠩ ᠭᠤᠸᠠᠩ ᠴᠥᠮ᠎ᠡ ᠶᠢᠨ ᠬᠢᠩᠭᠠᠨ ᠠᠶᠢᠮᠠᠭ   ᠤᠨ ᠠᠵᠢᠯᠯᠠᠭᠤᠯᠵᠤ ᠬᠠᠮᠠᠭᠠᠯᠠᠬᠤ ᠰᠠᠭᠤᠷᠢᠨ ᠭᠠᠵᠠᠷ᠂ ᠤᠯᠠᠭᠠᠨᠬᠤᠲᠠ ᠶᠢᠨ ᠪᠣᠯᠣᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠩ ᠶᠦᠨ ᠬᠤᠩ ᠾᠧ ︵ᠪᠦᠯᠦᠭᠯᠡᠯ︶ ᠤᠯᠠᠭᠠᠨᠬᠤᠲᠠ ᠶᠢᠨ ᠲᠠᠮᠠᠬᠢᠨ  ᠦᠢᠯᠡᠳᠪᠦᠷᠢ ᠂ ᠥᠪᠥᠷ ᠮᠣᠩᠭᠤᠯ ᠤᠨ ᠤᠳᠠᠴᠢ ᠮᠣᠩᠭᠤᠯ ᠡᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢ ᠶᠢᠨ ᠲᠠᠰᠤᠭ ᠲᠤ ᠣᠷᠣᠵᠤ᠂ ᠦᠢᠯᠡᠳᠪᠦᠷᠢᠯᠡᠯ ᠢ ᠦᠵᠡᠵᠦ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠢ ᠰᠤᠳᠤᠯᠤᠨ ᠨᠡᠭᠡᠭᠡᠬᠦ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠨᠢᠭᠲᠠ ᠠᠰᠠᠭᠤᠨ  ᠯᠠᠪᠯᠠᠪᠠ ᠃ ᠲᠡᠷᠡ ᠠᠵᠤ ᠠᠬᠤᠶᠢᠯᠠᠯ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠰᠡᠳᠬᠢᠴᠡ ᠪᠠᠨ ᠴᠢᠨᠠᠭᠰᠢᠳᠠ ᠥᠷᠭᠡᠳᠬᠡᠵᠦ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠢ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠪᠠ ᠮᠡᠷᠭᠡᠵᠢᠯ ᠤᠨ ᠥᠭᠡᠷᠡᠴᠢᠯᠡᠯᠲᠡ ᠴᠢᠳᠠᠪᠤᠷᠢ ᠶᠢ ᠥᠷᠭᠡᠳᠬᠡᠬᠦ ᠪᠠᠷ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃    ᠢᠦᠢ ᠵᠢᠢ ᠱᠦᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ  ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠪᠠᠲᠤ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号