ᠢᠦᠢ ᠵᠢᠢ ᠱᠦᠨ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/29
      7 ᠰᠠᠷ᠎ᠠ ᠶᠢᠨ 22 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠲᠥᠷᠥᠯ  ᠵᠦᠢᠯ ᠪᠠ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃    ᠢᠦᠢ ᠵᠢᠢ ᠱᠦᠨ ᠤᠷᠢᠳ ᠬᠤᠵᠢᠳ ᠳᠡᠭᠡᠳᠦ ᠰᠤᠷᠭᠠᠭᠤᠯᠢ ᠶᠢᠨ ᠬᠤᠶᠠᠳᠤᠭᠠᠷ ᠬᠤᠭᠤᠴᠠᠭ᠎ᠠ᠂ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠣᠯᠤᠨ ᠤᠳᠤ ᠦᠶ᠎ᠡ ᠶᠢᠨ ᠮᠠᠯ ᠠᠵᠤ ᠠᠬᠤᠢ ᠶᠢᠨ ᠢᠨᠵᠧᠨᠧᠷᠢᠩ ᠤᠨ ᠰᠠᠯᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠭᠠᠯ ᠤᠨᠲᠠᠷᠠᠭᠠᠬᠤ ᠠᠵᠤ ᠦᠢᠯᠡᠰ ᠤᠨ ᠳᠡᠭᠡᠳᠦ ᠰᠤᠷᠭᠠᠭᠤᠯᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠰᠢᠨᠵᠢᠯᠡᠭᠡᠨ ᠤ ᠰᠠᠯᠠᠭ᠎ᠠ ᠶᠢᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃    ᠢᠦᠢ ᠵᠢᠢ ᠱᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠷᠢᠯᠭ᠎ᠠ ᠶᠢᠨ  ᠨᠢᠭᠡᠴᠢ ᠶᠢᠨ ᠬᠢᠨ ᠬᠠᠷᠢᠭᠤᠴᠠᠯᠭ᠎ᠠ ᠪᠠᠨ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠠᠵᠢᠯᠳᠠᠨ᠂ ᠮᠠᠲᠧᠷᠢᠶᠠᠯ᠂ ᠮᠠᠰᠢᠨ ᠮᠧᠬᠠᠨᠢᠭ ᠵᠡᠷᠭᠡ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠠᠷᠭ᠎ᠠ ᠪᠦᠬᠦᠨ ᠢ ᠰᠦᠪᠡᠭᠴᠢᠯᠡᠨ ᠪᠦᠳᠦᠬᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡ ᠪᠦᠳᠦᠬᠡᠨ ᠪᠠᠶᠢᠭᠤᠯᠬᠤ᠂ ᠡᠷᠲᠡ ᠬᠡᠷᠡᠭᠯᠡᠬᠦ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃    ᠢᠦᠶ ᠵᠢᠶ ᠱᠦᠨ ᠴᠢᠬᠤᠯᠠᠴᠢᠯᠠᠭᠰᠠᠨ ᠨᠢ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠪᠠ ᠲᠤᠰᠬᠠᠶ ᠮᠡᠷᠭᠡᠵᠢᠯ ᠤᠨ ᠣᠨᠴᠠᠯᠢᠭ ᠲᠠᠢ ᠤᠶᠠᠯᠳᠤᠭᠤᠯᠤᠨ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ᠭᠦᠨᠵᠡᠭᠡᠶ ᠰᠤᠳᠤᠯᠵᠤ᠂ ᠣᠯᠠᠨ ᠠᠷᠭ᠎ᠠ ᠮᠠᠶ᠋ᠢᠭ᠂ ᠣᠯᠠᠨ ᠲᠠᠰ ᠳᠠᠪᠬᠤᠷᠭ᠎ᠠ ᠶᠢᠨ ᠰᠤᠷᠭᠠᠭᠤᠯᠢ ᠠᠵᠤ ᠠᠬᠤᠶᠢᠯᠠᠯ ᠤᠨ ᠬᠠᠮᠵᠢᠯᠴᠠᠨ  ᠦᠢᠯᠡᠳᠦᠯᠭᠡᠵᠢᠭᠦᠯᠦᠭᠰᠡᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠠᠵᠢᠯ ᠤᠨ ᠪᠠᠶᠢᠷᠢ ᠶᠢᠨ ᠬᠢᠴᠢᠶᠡᠯ ᠤᠷᠤᠯᠳᠤᠭᠠᠨ ᠤ ᠦᠨᠡᠮᠯᠡᠯ︾ ᠤᠨ ᠨᠢᠭᠲᠠ ᠠᠭᠤᠰᠤᠯᠴᠠᠯ ᠢ ᠴᠢᠩᠭᠠᠷᠠᠭᠤᠯᠤᠨ᠂ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠦᠰᠦᠨ ᠪᠤᠶᠢᠵᠢᠬᠤ ᠵᠠᠮ ᠢ ᠪᠠᠶᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠠᠵᠤ ᠦᠶ᠋ᠯᠡᠰ ᠤᠨ ᠬᠡᠯᠬᠢᠶ᠎ᠡ ᠶᠢᠨ ᠬᠤᠭᠤᠷᠣᠨᠳᠣᠬᠢ ᠪᠦᠲᠦᠮᠵᠢᠲᠡᠶ ᠵᠣᠯᠭᠠᠯᠳᠤᠯ ᠢ ᠠᠬᠢᠭᠤᠯᠤᠨ᠎ᠠ᠃ ᠲᠠᠪᠴᠠᠩ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠠᠰ ᠳᠠᠪᠬᠤᠷᠭ᠎ᠠ ᠪᠠᠨ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠬᠠᠮᠲᠤ ᠪᠠᠷ ᠪᠠᠶᠢᠭᠤᠯᠬᠤ᠂ ᠪᠠᠭᠰᠢ ᠰᠣᠷᠣᠭᠴᠢ ᠬᠠᠷᠢᠯᠴᠠᠨ ᠲᠣᠮᠢᠯᠠᠵᠤ ᠰᠣᠯᠢᠯᠴᠠᠭ᠎ᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠶ᠋ᠯᠡᠳᠪᠦᠷᠢᠯᠡᠯ ᠤᠨ ᠬᠦᠴᠦᠨ ᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ  ᠬᠠᠩᠭᠠᠬᠤ ᠬᠡᠷᠭᠡᠲᠡᠢ ᠭᠡᠪᠡ ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号