ᠰᠦᠬᠡ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ​
ᠨᠡᠶᠢᠲᠡᠯᠡᠭᠰᠡᠨ ᠴᠠᠭ᠄
2024/7/8
    6 ᠳ᠋ᠤᠭᠠᠷ ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ︵ᠵᠠᠬᠢᠷᠤᠯ︶  ᠰᠦᠬᠡ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠪᠠ᠃ ᠠᠶᠢᠮᠠᠭ ᠤᠨ ᠤᠳᠤᠷᠢᠳᠤᠯᠭ᠎ᠠ ᠰᠦᠨ ᠰᠢᠩ ᠢᠦᠢ᠂ ᠴᠧᠨ ᠵᠢᠩ ᠬᠤᠸᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃    ᠰᠦᠬᠡ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠤᠷᠭᠠᠭᠤᠯᠢ ᠶᠢ ᠵᠠᠰᠠᠵᠤ ᠰᠤᠷᠭᠠᠭᠤᠯᠢ ᠡᠷᠬᠢᠯᠡᠬᠦ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠪᠠ᠃ ᠲᠡᠷᠡ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠬᠢᠨ ᠪᠦᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ︵ᠵᠠᠬᠢᠷᠤᠯ︶ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠪᠦᠬᠦ ᠣᠷᠣᠨ ᠤ ᠲᠡᠷᠢᠭᠦᠨ ᠵᠡᠷᠭᠡ ᠶᠢᠨ ᠠᠶᠢᠮᠠᠭ ᠬᠤᠳᠠ ᠶᠢᠨ ᠲᠡᠰ ᠤᠨ ᠨᠠᠮ ᠤᠨ ᠰᠤᠷᠭᠠᠭᠤᠯᠢ ᠶᠢ ᠪᠠᠶᠢᠭᠤᠯᠬᠤ ᠬᠠᠷᠠᠯᠲᠠ ᠪᠠᠨ ᠵᠣᠭᠰᠣᠭᠠᠵᠤ᠂ ᠤᠯᠤᠰ ᠲᠦᠷᠦ ᠪᠠᠷ ᠰᠤᠷᠭᠠᠭᠤᠯᠢ ᠪᠠᠶᠢᠭᠤᠯᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠰᠤᠷᠭᠠᠭᠤᠯᠢ ᠶᠢ ᠮᠠᠨᠳᠤᠭᠤᠯᠬᠤ᠂ ᠰᠤᠷᠭᠠᠭᠤᠯᠢ ᠶᠢ ᠴᠢᠩᠭ᠎ᠠ ᠵᠠᠰᠠᠬᠤ ᠲᠠᠯ᠎ᠠ ᠪᠠᠷ ᠳᠠᠬᠢᠨᠲᠠ ᠬᠦᠴᠦᠯᠡᠵᠦ᠂ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠦᠢᠯᠡᠰ ᠤᠨ ᠨᠢᠭᠡ ᠴᠤᠭᠴᠠᠵᠢᠭᠰᠠᠨ ᠳᠣᠲᠣᠭᠠᠳᠤ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠬᠡᠯᠡᠪᠡ᠃    ᠰᠦᠬᠡ᠂ ᠠᠯᠢᠪᠠ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠭᠤᠯᠢ ᠡᠷᠬᠢᠯᠡᠬᠦ ᠠᠵᠢᠯᠯᠠᠭ᠎ᠠ ᠳᠤ ᠴᠥᠮ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠱᠤᠭᠤᠮ ᠢ ᠵᠢᠷᠤᠮᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠢᠮᠠᠭᠲᠠ ᠲᠤᠭᠤᠰᠢᠯᠠᠭᠤᠯᠵᠦ ᠂ ᠪᠦᠬᠦ ᠠᠶᠢᠮᠠᠭ ᠤᠨ ᠨᠠᠮ ᠤᠨ ᠭᠡᠰᠢᠭᠦᠨ ᠺᠠᠳ᠋ᠷᠴᠤᠳ ᠤᠨ ᠪᠦᠬᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ ᠲᠠᠯ᠎ᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠠᠯᠬᠤᠮ ᠢᠶᠠᠨ ᠨᠢᠭᠡᠳᠬᠡᠬᠦ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷ ᠤᠨ ᠬᠥᠮᠦᠵᠢᠯ ᠪᠣᠯᠪᠠᠰᠤᠷᠠᠯ ᠤᠨ  ᠬᠡᠪᠴᠢᠶ᠎ᠡ  ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠭᠠᠭᠤᠯᠢ ᠡᠷᠬᠢᠯᠡᠬᠦ ᠵᠠᠭᠪᠤᠷ ᠤᠨ ᠰᠢᠨ᠎ᠡ ᠶᠢ ᠡᠭᠦᠳᠴᠦ᠂ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠵᠢᠭᠠᠨ ᠰᠤᠷᠭᠠᠯᠲᠠ ᠵᠢᠭᠠᠨ ᠰᠤᠷᠭᠠᠯᠲᠠ ᠰᠤᠳᠤᠯᠭᠠᠨ ᠤ ᠶᠠᠰᠤ ᠴᠢᠨᠠᠷ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠢᠯᠡᠴᠢᠯᠡᠭᠡᠨ ᠤ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠰᠠᠭ ᠤᠨ ᠶᠠᠪᠤᠳᠠᠯ ᠢ ᠵᠥᠪᠯᠡᠬᠦ ᠴᠢᠨᠠᠷ ᠴᠢᠨᠰᠠᠭ᠎ᠠ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠨᠡᠩ ᠤᠯᠠᠨ ᠦᠨ᠎ᠡ ᠦᠷᠳᠡᠭ ᠲᠠᠢ᠂ ᠴᠢᠨᠠᠷ ᠴᠢᠨᠰᠠᠭ᠎ᠠ ᠲᠠᠢ ᠠᠷᠭᠠᠴᠠᠬᠤ ᠪᠤᠳᠤᠯᠭ᠎ᠠ ᠰᠠᠨᠠᠭᠤᠯᠭ᠎ᠠ ᠳᠤᠷᠠᠳᠴᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠵᠡᠷᠭᠡ ᠠᠶᠢᠮᠠᠭ ᠤᠨ ᠨᠠᠮ ᠤᠨ  ᠬᠤᠷᠢᠶ᠎ᠠ ᠶᠢᠨ ᠭᠤᠣᠯ ᠠᠵᠢᠯ ᠳᠤ ᠬᠦᠴᠦᠲᠡᠢ ︽ᠤᠶᠤᠨ ᠤ ᠬᠥᠮᠥᠷᠭᠡ︾ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠴᠢᠩᠭ᠎ᠠ ᠬᠠᠮᠢᠶᠠᠷᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠤᠷᠭᠠᠭᠤᠯᠢ ᠶᠢᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠤᠨ ᠬᠥᠮᠦᠵᠢᠯ ᠢ ᠴᠢᠩᠭᠠᠳᠬᠠᠵᠤ᠂ ︽ᠲᠤᠯᠤᠭᠠᠨ ᠵᠦᠢᠯ ᠢ ᠦᠯᠦ ᠵᠥᠪᠰᠢᠶᠡᠷᠡᠬᠦ︾ ᠵᠡᠷᠭᠡ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠶᠢᠨ ᠲᠦᠷᠢᠮ ᠢ ᠴᠢᠨᠠᠭᠰᠢᠳᠠ ᠪᠦᠷᠢᠨᠰᠢᠬᠦᠯᠵᠦ᠂ ᠰᠢᠯᠭᠠᠨ ᠦᠨᠡᠯᠡᠬᠦ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠰᠤᠷᠭᠠᠭᠤᠯᠢ ᠶᠢ ᠴᠢᠩᠭ᠎ᠠ ᠵᠠᠰᠠᠬᠤ᠂ ᠰᠤᠷᠭᠠᠨ ᠬᠥᠮᠦᠵᠢᠯ ᠢ ᠴᠢᠩᠭ᠎ᠠ ᠵᠠᠰᠠᠬᠤ᠂ ᠰᠤᠷᠤᠯᠭ᠎ᠠ ᠶᠢ ᠴᠢᠩᠭ᠎ᠠ ᠵᠠᠰᠠᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ  ᠭᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号