ᠢᠦᠢ ᠵᠢᠢ ᠱᠦᠨ ᠬᠢᠩᠭᠠᠨ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/8
     6 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ᠂ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠪᠠ ᠠᠶᠤᠯᠭᠦᠶ  ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠢᠦᠢ ᠵᠢᠢ ᠱᠦᠨ ᠤᠷᠢᠳ ᠬᠤᠵᠢᠳ ᠶᠢᠨ ᠹᠧᠩ ᠵᠢᠯ ᠳᠤ 50 ᠲᠦᠮᠡᠨ ᠲᠣᠨ ᠨᠣᠭᠤᠭᠠᠨ ᠮᠧᠲ᠋ᠢᠯ ᠠᠯᠺᠣᠣᠯ ᠦᠢᠯᠡᠳᠪᠦᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ᠂ ᠬᠢᠩᠭᠠᠨ ᠠᠶᠢᠮᠠᠭ ᠤᠨ ᠪᠥᠸᠧ ᠶᠤᠸᠠᠨ ᠬᠢᠮᠢ ᠶᠢᠨ ᠬᠢᠵᠠᠭᠠᠷᠲᠤ ᠺᠣᠮᠫᠠᠨᠢ᠂  ᠳ᠋ᠦᠩ ᠹᠠᠩ ᠴᠠᠬᠢᠯᠭᠠᠨ ᠬᠡᠢ ᠰᠠᠯᠬᠢᠨ ᠬᠦᠴᠦᠨ ᠤ ᠴᠠᠬᠢᠯᠭᠠᠨ ︵ᠬᠢᠩᠭᠠᠨ ᠠᠶᠢᠮᠠᠭ︶ ᠤ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠲᠢᠶᠧ ᠴᠧᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠳᠤ ᠬᠦᠷᠴᠡᠢ᠃ ᠡᠯ᠎ᠡ ᠠᠵᠤ ᠠᠬᠤᠶᠢᠯᠠᠯ ᠤᠨ ᠠᠵᠤ  ᠦᠢᠯᠡᠰ ᠤᠨ ᠪᠠᠶᠢᠷᠢᠰᠢᠭᠤᠯᠤᠯ ᠪᠠ  ᠦᠢᠯᠡᠳᠪᠦᠷᠢᠡᠯᠯ ᠡᠵᠡᠩᠨᠡᠯᠲᠡ ᠶᠢᠨ ᠪᠠᠶᠢᠳᠠᠯ ᠢ ᠬᠢᠨᠠᠮᠠᠭᠠᠶ ᠰᠣᠨᠣᠰᠴᠤ᠂ ᠰᠢᠨ᠎ᠡ ᠡᠨᠧᠷᠭᠢ ᠶᠢᠨ ᠤᠰᠤᠲᠥ᠋ᠷᠥᠭᠴᠢ ᠶᠢ  ᠦᠢᠯᠡᠳᠬᠦ ᠂ ᠰᠠᠯᠬᠢᠨ ᠬᠦᠴᠦᠨ ᠤ ᠮᠠᠰᠢᠨ  ᠦᠢᠯᠡᠳᠬᠦ ᠂  ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠵᠡᠷᠭᠡ ᠭᠤᠤᠯᠳᠠᠯᠭ᠎ᠠ ᠲᠠᠢ ᠲᠥᠷᠥᠯ  ᠵᠦᠢᠯ ᠤᠨ ᠪᠠᠯᠠ ᠣᠷᠣᠭᠤᠯᠤᠯᠲᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠶᠢᠨ ᠠᠬᠢᠴᠠ᠂ ᠠᠰᠢᠭᠯᠠᠯᠲᠠ ᠳᠤ ᠣᠷᠣᠭᠤᠯᠤᠭᠰᠠᠨ ᠠᠰᠢᠭ ᠣᠷᠣᠯᠭ᠎ᠠ ᠶᠢᠨ ᠪᠠᠶᠢᠳᠠᠯ᠂ ᠳᠠᠪᠠᠭᠤᠯᠢᠭ  ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠲᠡᠷᠢᠭᠦᠨ ᠤ ᠮᠡᠷᠭᠡᠵᠢᠯ ᠢ ᠬᠡᠷᠡᠭᠯᠡᠬᠦ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ ᠢ  ᠢ ᠨᠠᠷᠢᠨ  ᠤᠶᠢᠯᠠᠭᠠᠪᠠ ᠃    ᠢᠦᠶ ᠵᠢᠶ ᠱᠦᠨ ᠵᠢᠭᠠᠵᠤ ᠭᠠᠷᠭᠠᠭᠰᠠᠨ ᠨᠢ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠨᠢ ᠬᠢᠩᠭᠠᠨ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ︽ᠳᠡᠭᠡᠳᠦ ᠲᠡᠰ ᠤᠨ ᠪᠣᠯᠭᠠᠬᠤ ᠂ ᠡᠷᠴᠢᠮᠵᠢᠭᠦᠯᠬᠦ᠂ ᠪᠣᠬᠢᠷᠲᠤᠯ ᠦᠭᠡᠢ ᠪᠣᠯᠭᠠᠬᠤ᠂ ᠤᠶᠤᠨᠴᠢᠯᠠᠬᠤ︾ ᠵᠠᠷᠴᠢᠮ ᠶᠣᠰᠣᠭᠠᠷ᠂ ᠴᠢᠬᠤᠯᠠ ᠡᠯᠧᠮᠧᠨ᠋ᠲ ᠤᠨ ᠲᠤᠬᠢᠷᠠᠭᠤᠯᠤᠯᠳᠠ ᠶᠢ ᠤᠯᠠᠮᠵᠢᠯᠠᠯ ᠠᠴᠠ ᠤᠳᠤ ᠦᠶ᠎ᠡ ᠲᠡᠰᠢ ᠬᠤᠪᠢᠷᠠᠭᠤᠯᠵᠤ᠂ ᠦᠢᠯᠡᠳᠬᠦᠨ ᠤ ᠬᠠᠩᠭᠠᠯᠭ᠎ᠠ ᠶᠢ ᠳᠤᠤᠷᠠᠳᠤ ᠲᠡᠰ ᠠᠴᠠ ᠳᠡᠭᠡᠳᠦ ᠲᠡᠰ ᠲᠡᠰᠢ ᠬᠤᠪᠢᠷᠠᠭᠤᠯᠬᠤ ᠶᠢ ᠲᠦᠷᠭᠡᠳᠬᠡᠵᠦ᠂ ᠨᠡᠩ ᠴᠢᠨᠠᠷ ᠰᠠᠶᠢᠲᠠᠢ᠂ ᠨᠡᠩ ᠰᠠᠶᠢᠨ ᠦᠷ᠎ᠡ ᠠᠰᠢᠭ ᠲᠠᠢ᠂ ᠨᠡᠩ ᠰᠢᠯᠢᠳᠡᠭ ᠪᠠᠶᠢᠷᠢᠰᠢᠭᠤᠯᠤᠯᠲᠠ ᠲᠠᠢ᠂ ᠨᠡᠩ ᠪᠣᠬᠢᠷᠲᠤᠯ ᠦᠭᠡᠢ ᠂ ᠨᠡᠩ ᠠᠮᠤᠷ ᠲᠦᠪᠰᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠤᠨ  ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ᠂ ᠵᠠᠬᠢᠶᠠᠯᠠᠭ᠎ᠠ ᠶᠢᠨ ᠬᠠᠭᠤᠳᠠᠰᠤ ᠶᠢ ᠭᠦᠶᠦᠯᠭᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠥᠪᠡᠷ ᠤᠨ ᠥᠷᠲᠡᠭ ᠢ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠠᠵᠤ ᠠᠬᠤᠶᠢᠯᠠᠯ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠪᠡ ᠃    ᠢᠦᠢ ᠵᠢᠢ ᠱᠦᠨ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠠᠰᠢᠭᠯᠠᠵᠤ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠵᠦ ᠲᠡᠰ ᠳᠡᠪᠰᠢᠭᠦᠯᠬᠦ ᠪᠠ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠨᠠᠭᠰᠢᠳᠠ ᠴᠢᠩᠭᠠᠳᠬᠠᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠳᠠᠪᠤᠷᠢ ᠶᠢ ᠳᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠠᠷᠢᠯᠭ᠎ᠠ ᠶᠢᠨ ᠬᠤᠭᠤᠴᠠᠭ᠎ᠠ᠂ ᠠᠬᠢᠭᠤᠯᠬᠤ ᠬᠡᠮᠵᠢᠶ᠎ᠡ ᠶᠢ ᠠᠮᠵᠢᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠠᠬᠢᠭᠤᠯᠵᠤ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠪᠠᠷᠢᠯᠭ᠎ᠠ ᠳᠠᠭᠤᠰᠬᠤ ᠶᠢ ᠪᠠᠲᠤᠯᠠᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠠᠶᠢᠮᠠᠭ ᠤᠨ ᠤᠳᠤᠷᠢᠳᠤᠯᠭ᠎ᠠ ᠶᠠᠩ ᠵᠢᠢ ᠫᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号