ᠢᠦᠢ ᠵᠢᠢ ᠱᠦᠨ ᠪᠡᠭᠡᠵᠢᠩ ᠬᠤᠳᠠ ᠶᠢᠨ ᠹᠠᠩ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠲᠣᠭᠤᠷᠢᠭ ᠤᠨ ᠳᠠᠷᠤᠭ᠎ᠠ ᠳ᠋ᠢ ᡁᠢ ᠰᠢᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/8
    6 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠪᠡᠭᠡᠵᠢᠩ ᠬᠤᠲᠠ ᠶᠢᠨ ᠹᠠᠩ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠳ᠋ᠢ ᡁᠢ ᠰᠢᠨ ᠨᠡᠷ ᠲᠠᠢ ᠠᠭᠤᠯᠵᠠᠪᠠ᠃    ᠢᠦᠢ ᠵᠢᠢ ᠱᠦᠨ ᠳ᠋ᠢ ᡁᠢ ᠰᠢᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠹᠠᠩ ᠱᠠᠨ ᠲᠣᠭᠤᠷᠢᠭ ᠤᠨ ᠬᠢᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠶᠢ ᠤᠯᠤᠰ ᠲᠦᠷᠦ ᠶᠢᠨ ᠡᠭᠦᠷᠭᠡ ᠪᠠ ᠥᠪᠡᠷ ᠤᠨ ᠬᠢᠪᠡᠰᠦ ᠵᠣᠬᠢᠬᠤ ᠶᠠᠪᠤᠳᠠᠯ ᠢᠶᠠᠨ ᠪᠣᠯᠭᠠᠵᠤ᠂ ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠵᠦ᠂ ᠦᠨᠡᠨ ᠪᠣᠳᠠᠲᠠᠢ ᠪᠡᠯᠡ ᠣᠷᠣᠭᠤᠯᠤᠯᠲᠠ ᠬᠢᠵᠦ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠳᠡᠮᠵᠢᠯᠭᠡ ᠬᠠᠩᠭᠠᠵᠠᠢ᠃ ᠬᠢᠩᠭᠠᠨ ᠠᠶᠢᠮᠠᠭ ᠤᠨ ᠬᠢᠨ ᠴᠢᠳᠠᠯ ᠤᠨ ᠬᠢᠷᠢ ᠪᠠᠷ ᠢᠶᠠᠨ ᠦᠢᠯᠡᠴᠢᠯᠡᠭᠡᠨ ᠤ ᠪᠠᠲᠤᠯᠠᠪᠤᠷᠢ ᠶᠢ ᠰᠠᠶᠢᠲᠤᠷ ᠬᠢᠵᠦ᠂ ᠬᠤᠶᠠᠷ ᠭᠠᠵᠠᠷ ᠤᠨ ᠬᠠᠮᠵᠢᠯᠴᠠᠭᠠᠨ ᠤ ᠲᠠᠪᠴᠠᠩ ᠢ ᠦᠷᠭᠦᠯᠵᠢᠯᠡᠨ ᠰᠠᠶᠢᠲᠤᠷ ᠠᠰᠢᠭᠯᠠᠵᠤ᠂ ᠹᠠᠩ ᠱᠠᠨ ᠲᠣᠭᠤᠷᠢᠭ ᠯᠤᠭ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠶᠠᠷ ᠲᠠᠯ᠎ᠠ ᠶᠢᠨ ᠬᠠᠮᠵᠢᠯᠴᠠᠭ᠎ᠠ ᠶᠢᠨ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ᠂ ᠨᠡᠩ ᠥᠷᠭᠡᠨ ᠬᠦᠷᠢᠶ᠎ᠡ ᠲᠡᠰᠢ ᠬᠥᠭᠵᠢᠬᠦ ᠶᠢ ᠠᠬᠢᠭᠤᠯᠤᠨ᠎ᠠ ᠭᠡᠪᠡ ᠃    ᠳ᠋ᠢ ᡁᠢ ᠰᠢᠨ᠂ ᠹᠠᠩ ᠱᠠᠨ ᠲᠣᠭᠤᠷᠢᠭ ᠦᠷᠭᠦᠯᠵᠢᠯᠡᠨ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠪᠡᠯᠡ ᠮᠥᠩᠭᠦ᠂ ᠴᠢᠳᠠᠪᠤᠷᠢᠲᠠᠨ᠂ ᠬᠥᠳᠡᠯᠮᠦᠷᠢ ᠦᠢᠯᠡᠴᠢᠯᠡᠭᠡ ᠪᠠᠷ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠢ ᠶᠢᠨ ᠫᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠵᠤ᠂ ᠬᠤᠶᠠᠷ ᠲᠠᠯ᠎ᠠ ᠶᠢᠨ ᠨᠡᠩ ᠥᠨᠳᠥᠷ ᠲᠦᠪᠰᠢᠨ ᠪᠦᠬᠦᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃    ᠠᠶᠢᠮᠠᠭ ᠤᠨ ᠤᠳᠤᠷᠢᠳᠤᠯᠭ᠎ᠠ ᠯᠢᠦ  ᠱᠦ ᠴᠧᠩ᠂ ᠴᠢᠨ ᠬᠤᠸᠠ ᠵᠧᠨ᠂ ᠬᠤᠸᠠᠩ ᠲᠤᠤ᠂ ᠵᠠᠩ ᠱᠤᠸᠠᠩ ᠴᠧᠩ᠂ ᠹᠠᠩ ᠱᠠᠨ ᠲᠣᠭᠤᠷᠢᠭ ᠤᠨ ᠤᠳᠤᠷᠢᠳᠤᠯᠭ᠎ᠠ ᠸᠧᠢ ᠭᠤᠸᠠᠩ ᠰᠢᠶᠦ᠋ᠨ᠂ ᠵᠠᠩ ᠪᠥᠸᠧ ᠠᠭᠤᠯᠵᠠᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号