ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠠᠶᠢᠮᠠᠭ ᠤᠨ ᠳᠡᠳ᠋ ᠳᠠᠷᠤᠭ᠎ᠠ ᠴᠢᠨ ᠬᠤᠸᠠ ᠵᠧᠨ
ᠨᠡᠶᠢᠲᠡᠯᠡᠭᠰᠡᠨ ᠴᠠᠭ᠄
2024/7/8
   

秦化真.jpg

    ᠠᠵᠢᠯ ᠤᠨ ᠬᠤᠪᠢᠶᠠᠷᠢ᠄

    ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠠᠵᠢᠯ ᠢ ᠬᠠᠷᠢᠭᠤᠴᠠᠵᠤ᠂ ᠠᠶᠢᠮᠠᠭ ᠤᠨ ᠳᠠᠷᠤᠭ᠎ᠠ ᠶᠢ ᠬᠠᠮᠵᠢᠨ

ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠡᠮᠴᠢᠯᠡᠭᠡᠨ ᠤ ᠪᠠᠲᠤᠯᠠᠭ᠎ᠠ᠂ ᠬᠤᠳᠠᠯᠳᠤᠭ᠎ᠠ 

ᠡᠵᠡᠩᠨᠡᠬᠦ ᠣᠷᠴᠢᠨ ᠲᠣᠭᠤᠷᠢᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠪᠠᠶᠢᠭᠤᠯᠭ᠎ᠠ ᠶᠢᠨ ᠶᠠᠪᠤᠳᠠᠯ᠂

ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃

    ᠠᠶᠢᠮᠠᠭ ᠤᠨ ᠵᠠᠬᠢᠷᠭ᠎ᠠ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵

ᠡᠨᠧᠷᠭᠢ ᠶᠢᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ

ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠡᠷᠡᠭᠦᠯ

ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠮᠣᠩᠭᠤᠯ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂

ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠪᠠᠴᠢᠮ

ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠮᠴᠢᠯᠡᠭᠡᠨ ᠤ

ᠪᠠᠲᠤᠯᠠᠭ᠎ᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ 

ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠭᠠᠵᠠᠷ ᠬᠥᠳᠡᠯᠦᠯᠲᠡ ᠶᠢᠨ

ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠶᠢᠮᠠᠭ ᠤᠨ ᠵᠠᠬᠢᠷᠭ᠎ᠠ ᠶᠢᠨ ᠡᠯ᠎ᠡ

ᠭᠠᠳᠠᠭᠠᠳᠤ ᠳᠤ ᠰᠠᠭᠤᠭ᠎ᠠ ᠬᠡᠷᠡᠭ ᠡᠷᠭᠢᠯᠡᠬᠦ ᠪᠠᠶᠢᠭᠤᠯᠤᠮᠵᠢ᠂ ᠠᠶᠢᠮᠠᠭ ᠬᠤᠲᠠ ᠶᠢᠨ ᠪᠠᠯᠠ ᠣᠷᠣᠭᠤᠯᠤᠯᠲᠠ ᠶᠢᠨ

ᠪᠦᠯᠦᠭᠯᠡᠯ ᠤᠨ ᠬᠢᠵᠠᠭᠠᠷᠲᠤ ᠺᠣᠮᠫᠠᠨᠢ᠂ ᠭᠦᠸᠧ ᠷᠦᠩ ᠪᠠᠯᠠ ᠣᠷᠣᠭᠤᠯᠤᠯᠲᠠ ᠶᠢᠨ ᠪᠦᠯᠦᠭᠯᠡᠯ ᠤᠨ  ᠪᠦᠷᠢᠨ ᠪᠤᠰᠤ

ᠬᠠᠷᠢᠭᠤᠴᠠᠯᠭᠠᠲᠤ ᠺᠣᠮᠫᠠᠨᠢ᠂ ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ

ᠬᠢᠵᠠᠭᠠᠷᠲᠤ ᠺᠣᠮᠫᠠᠨᠢ᠂ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠪᠦᠷᠢᠨ ᠪᠤᠰᠤ 

ᠬᠠᠷᠢᠭᠤᠴᠠᠯᠭᠠᠲᠤ ᠺᠣᠮᠫᠠᠨᠢ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠪᠦᠷᠢᠨ ᠪᠤᠰᠤ 

ᠬᠠᠷᠢᠭᠤᠴᠠᠯᠭᠠᠲᠤ ᠺᠣᠮᠫᠠᠨᠢ᠃ ᠠᠶᠢᠮᠠᠭ ᠤᠨ ᠳᠠᠷᠤᠭ᠎ᠠ ᠶᠢ ᠬᠠᠪᠰᠤᠷᠤᠨ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠶᠢ

ᠬᠤᠪᠢᠳᠠᠨ ᠬᠠᠮᠢᠶᠠᠷᠤᠨ᠎ᠠ᠃

    ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠂ ᠤᠯᠤᠰ

ᠲᠥᠷᠥ ᠶᠢᠨ ᠵᠥᠪᠯᠡᠯᠭᠡᠨ᠂ ᠠᠶᠢᠮᠠᠭ ᠤᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ ᠲᠠᠢ

ᠬᠠᠷᠢᠯᠴᠠᠵᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠢᠩᠭᠠᠨ ᠠᠶᠢᠮᠠᠭ ᠤᠨ

ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠩᠭᠠᠨ

ᠪᠠᠶᠢᠴᠠᠭᠠᠬᠤ ᠠᠩᠭᠢ᠂ ᠬᠢᠩᠭᠠᠨ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂

ᠠᠶᠢᠮᠠᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ ᠠᠷᠠᠳ ᠤᠨ ᠠᠭᠠᠷ ᠤᠨ ᠲᠡᠭᠡᠭᠡᠪᠦᠷᠢ ᠶᠢᠨ

ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠤᠨ ᠺᠣᠮᠫᠠᠨᠢ᠂ ᠤᠯᠠᠭᠠᠨᠬᠤᠲᠠ ᠶᠢᠨ ᠭᠠᠯᠲᠤ ᠲᠡᠷᠭᠡᠨ ᠥᠷᠲᠡᠭᠡ᠂

ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠬᠤᠪᠢᠶᠠᠷᠢ ᠪᠠᠩᠬᠢ᠂ ᠤᠯᠤᠰ ᠤᠨ

ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠢᠩᠭᠠᠨ ᠠᠶᠢᠮᠠᠭ ᠤᠨ ᠬᠢᠨᠠᠯᠲᠠ

ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠡᠯ᠎ᠡ ᠪᠠᠩᠬᠢ᠂ ᠳᠠᠭᠠᠳᠬᠠᠯ᠂ ᠲᠡᠮᠳᠡᠭᠲᠦ ᠶᠢᠨ ᠪᠠᠶᠢᠭᠤᠯᠤᠮᠵᠢ᠃

    ᠲᠣᠪᠴᠢ ᠲᠠᠨᠢᠯᠴᠠᠭᠤᠯᠭ᠎ᠠ᠄

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ

ᠭᠡᠰᠢᠭᠦᠨ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠠᠶᠢᠮᠠᠭ ᠤᠨ ᠳᠡᠳ᠋ ᠳᠠᠷᠤᠭ᠎ᠠ

ᠴᠢᠨ ᠬᠤᠸᠠ ᠵᠧᠨ᠂ ᠡᠷᠡᠭᠲᠡᠶ᠂ ᠬᠢᠲᠠᠳ ᠦᠨᠳᠦᠰᠦᠲᠡᠨ᠂ 1980 ᠣᠨ ᠤ 10 ᠰᠠᠷ᠎ᠠ ᠳᠤ ᠳᠦᠷᠦᠵᠡᠶ᠂

ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠳ᠋ᠣᠺᠲ᠋ᠣᠷ᠂ ᠳᠡᠳ᠋ ᠰᠤᠳᠤᠯᠤᠭᠴᠢ᠃

 

 
ᠢᠷᠡᠯᠲᠡ᠄ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号