ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠠᠶᠢᠮᠠᠭ ᠤᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠰᠦᠨ ᠱᠦ ᠲᠤᠤ
ᠨᠡᠶᠢᠲᠡᠯᠡᠭᠰᠡᠨ ᠴᠠᠭ᠄
2024/7/8

孙书涛.jpg

     ᠠᠵᠢᠯ ᠤᠨ ᠬᠤᠪᠢᠶᠠᠷᠢ᠄

    ᠠᠶᠢᠮᠠᠭ ᠤᠨ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ ᠤᠨ ᠪᠣᠭᠤᠮᠲᠠ᠂ ᠰᠣᠶᠣᠯ ᠵᠢᠭᠤᠯᠴᠢᠯᠠᠯ᠂

ᠪᠡᠶ᠎ᠡ ᠶᠢᠨ ᠲᠠᠮᠢᠷ᠂ ᠭᠠᠳᠠᠭᠠᠳᠤ ᠶᠠᠪᠤᠳᠠᠯ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠵᠡᠷᠭᠡ

ᠲᠠᠯ᠎ᠠ ᠶᠢᠨ ᠠᠵᠢᠯ ᠢ ᠬᠠᠷᠢᠭᠤᠴᠠᠨ᠎ᠠ᠃

    ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ

ᠲᠠᠮᠢᠷ  ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯ  ᠤᠨ ᠲᠣᠪᠴᠢᠶ᠎ᠠ︶᠂ ᠭᠠᠳᠠᠭᠠᠳᠤ ᠶᠠᠪᠤᠳᠠᠯ  ᠤᠨ 

ᠠᠯᠪᠠᠨ ᠭᠡᠷ᠂ ᠣᠷᠣᠨ ᠪᠦᠰᠡ ᠶᠢᠨ ᠠᠵᠤ ᠠᠬᠤᠶ ᠶᠢᠨ ᠬᠤᠷᠰᠢᠯᠴᠠᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃

    ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂

ᠠᠶᠢᠮᠠᠭ ᠤᠨ ᠬᠠᠮ ᠵᠠᠭᠤᠴᠢᠯᠠᠭᠤᠷ ᠤᠨ ᠲᠥᠪ᠂ ᠪᠤᠰᠤᠳ ᠰᠣᠨᠢᠨ ᠮᠡᠳᠡᠭᠡᠨ ᠤ ᠨᠢᠭᠡᠴᠢ᠂ ᠰᠢᠤᠳᠠᠨ ᠤ

ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠷᠠᠰᠢᠶᠠᠨ ᠤ

ᠪᠣᠭᠤᠮᠲᠠ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠩᠭᠠᠨ ᠪᠣᠷᠣᠯᠠᠭᠤᠯᠭ᠎ᠠ ᠶᠢᠨ ᠬᠤᠪᠢᠶᠠᠷᠢ ᠺᠣᠮᠫᠠᠨᠢ᠂

ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠩᠭᠠᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠲᠠᠢ

ᠬᠠᠷᠢᠯᠴᠠᠨ᠎ᠠ᠃

    ᠲᠣᠪᠴᠢ ᠲᠠᠨᠢᠯᠴᠠᠭᠤᠯᠭ᠎ᠠ᠄

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠵᠠᠬᠢᠷᠭ᠎ᠠ ᠶᠢᠨ ᠨᠠᠮ ᠤᠨ

ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠠᠶᠢᠮᠠᠭ ᠤᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ

ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ

ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠡᠭᠲᠡᠶ᠂ ᠮᠣᠩᠭᠤᠯ

ᠦᠨᠳᠦᠰᠦᠲᠡᠨ᠂ 1976 ᠣᠨ ᠤ 5 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

 

 
ᠢᠷᠡᠯᠲᠡ᠄ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号