| | | 7 ᠳ᠋ᠤᠭᠠᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠰᠢ ᠶᠢᠨ ᠫᠢᠩ ᠠᠰᠲ᠋ᠠᠨᠠ ᠳᠤ ᠬᠦᠷᠴᠦ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ | ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭᠠᠨ ᠤ ᠬᠤᠷᠠᠯ ᠳᠤ ᠣᠷᠣᠯᠴᠠᠬᠤ ᠪᠠᠷ ᠲᠤᠰᠬᠠᠢ | ᠨᠢᠰᠬᠡᠯ ᠢᠶᠠᠷ ᠪᠡᠭᠡᠵᠢᠩ ᠠᠴᠠ ᠮᠣᠷᠳᠠᠵᠤ᠂ ᠪᠦᠬᠦᠳᠡ ᠨᠠᠶᠢᠷᠠᠮᠳᠠᠬᠤ ᠺᠠᠽᠠᠭᠰᠲ᠋ᠠᠨ ᠤᠯᠤᠰ ᠤᠨ ᠶᠡᠷᠦᠩᠬᠡᠶᠢᠯᠡᠭᠴᠢ | ᠲᠦᠸᠧᠺᠠᠶᠧᠹ᠂ ᠪᠦᠬᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠶᠡᠷᠦᠩᠬᠡᠶᠢᠯᠡᠭᠴᠢ ᠯᠠᠾᠧᠮᠧᠩ ᠤᠨ ᠤᠷᠢᠯᠭ᠎ᠠ ᠪᠠᠷ | ᠬᠤᠶᠠᠷ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠣᠯᠪᠠ᠃ | ᠰᠢ ᠶᠢᠨ ᠫᠢᠩ ᠳᠤ ᠪᠠᠷ᠎ᠠ ᠪᠣᠯᠣᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠪᠤᠢ᠃ | | | |