| | ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 4 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ | ᠲᠤᠰᠠᠭᠠᠷ ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ | ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ᠃ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ ᠲᠣᠭᠲᠠᠨᠢᠯ ᠤᠨ ᠣᠷᠳᠣᠨ ᠳᠤ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ | ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ ᠲᠣᠭᠲᠠᠨᠢᠯ ᠤᠨ ᠣᠷᠳᠣᠨ ᠳᠤ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ | ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ᠃ ᠵᠢᠷᠤᠭ ᠪᠣᠯ | ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ | ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ | ᠺᠠᠽᠠᠬᠰᠲ᠋ᠠᠨ ᠤ ᠶᠡᠷᠦᠩᠬᠡᠶᠢᠯᠡᠭᠴᠢ ᠲᠦᠤᠤᠺᠠᠶᠧᠹ ᠬᠤᠷᠠᠯ ᠢ ᠡᠷᠭᠢᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤᠯᠤᠰ ᠪᠤᠯᠬᠤ ᠪᠧᠯᠤᠷᠦ᠋ᠰᠢᠶ᠎ᠡ ᠶᠢᠨ ᠶᠡᠷᠦᠩᠬᠡᠶᠢᠯᠡᠭᠴᠢ ᠯᠦᠺᠠᠱᠧᠨᠺᠧ᠂ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ᠂ ᠤᠷᠤᠰ ᠤᠨ | ᠶᠡᠷᠦᠩᠬᠡᠶᠢᠯᠡᠭᠴᠢ ᠫᠦᠲ᠋ᠢᠨ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ᠂ ᠦᠽᠪᠤᠺᠰᠲ᠋ᠠᠨ ᠤ ᠶᠡᠷᠦᠩᠬᠡᠶᠢᠯᠡᠭᠴᠢ | ᠮᠢᠷᠵᠢᠶᠤᠤᠶᠧᠹ᠂ ᠢᠷᠠᠨ ᠤ ᠣᠷᠣᠯᠠᠭᠴᠢ ᠶᠡᠷᠦᠩᠬᠡᠶᠢᠯᠡᠭᠴᠢ ᠮᠦᠾᠧᠪᠤᠶᠢᠷ ᠪᠣᠯᠣᠨ ᠡᠨᠡᠳᠬᠡᠭ ᠤᠨ ᠲᠥᠯᠥᠭᠡᠯᠡᠭᠴᠢ | ᠵᠢᠴᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠨᠠᠷ | ᠣᠷᠣᠯᠴᠠᠪᠠ᠃ | ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ | ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠵᠤ᠂ ᠳᠠᠷᠠᠭ᠎ᠠ ᠨᠢ | ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠳᠤ ᠣᠷᠣᠯᠴᠠᠪᠠ᠃ | ᠰᠢ ᠶᠢᠨ ᠫᠢᠩ ᠶᠠᠷᠢᠶᠠᠨ ᠳᠠᠭᠠᠨ ᠺᠠᠽᠠᠬᠰᠲ᠋ᠠᠨ ᠤ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠵᠦ | ᠪᠠᠶᠢᠭᠰᠠᠨ ᠬᠤᠭᠤᠴᠠᠭᠠᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠬᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠳᠡᠪᠬᠢᠲᠡᠢ | ᠴᠢᠷᠮᠠᠶᠢᠯᠭ᠎ᠠ ᠪᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠪᠧᠯᠤᠷᠦ᠋ᠰᠢᠶ᠎ᠠ | ᠠᠩᠬ᠎ᠠ ᠤᠳᠠᠭ᠎ᠠ ᠪᠦᠷᠢᠯᠳᠦᠭᠦᠨ ᠤᠯᠤᠰ ᠤᠨ ᠬᠤᠪᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠢ ᠪᠠᠶᠠᠷᠯᠠᠨ ᠤᠭᠲᠤᠪᠠ᠃ | ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠷᠢᠨ ᠵᠠᠭᠤᠨ ᠤ ᠠᠭᠤᠯᠵᠠᠷ ᠲᠤ | ᠪᠠᠶᠢᠭᠤᠯᠤᠭᠳᠠᠵᠤ᠂ ᠲᠤᠬᠠᠢ ᠶᠢᠨ ᠦᠶ᠎ᠡ ᠳᠤ ᠬᠦᠢᠲᠡᠨ ᠲᠠᠶᠢᠨ ᠤ ᠦᠯᠡᠳᠡᠭᠳᠡᠯ ᠪᠣᠯᠤᠭᠰᠠᠨ ᠡᠰᠡᠷᠭᠦᠴᠡᠯᠳᠦᠯ ᠪᠣᠯᠣᠨ | ᠬᠠᠭᠠᠴᠠᠯ ᠢ ᠬᠠᠷᠠᠬᠠᠨ ᠠᠷᠢᠯᠭᠠᠬᠤ ᠴᠢᠬᠤᠯᠠᠲᠠᠢ ᠪᠠᠶᠢᠪᠠ᠃ ᠲᠤᠰ ᠵᠣᠬᠢᠶᠠᠨ ᠪᠠᠶᠢᠭᠤᠯᠤᠯᠲᠠ ᠶᠢᠨ ᠡᠭᠦᠰᠬᠡᠨ | ᠪᠠᠶᠢᠭᠤᠯᠤᠭᠰᠠᠨ ᠪᠦᠷᠢᠯᠳᠦᠭᠦᠨ ᠲᠡᠦᠬᠡ ᠶᠢᠨ ᠰᠣᠩᠭᠤᠯᠲᠠ ᠬᠢᠵᠦ᠂ ᠡᠩᠬᠡ ᠲᠠᠶᠢᠪᠤᠩ ᠬᠥᠭᠵᠢᠯᠲᠡ ᠶᠢ | ᠬᠥᠭᠡᠭᠡᠴᠡᠯᠳᠦᠵᠦ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠶᠢᠭᠤᠯᠬᠤ ᠪᠠᠷ ᠴᠢᠷᠮᠠᠶᠢᠵᠤ᠂ ᠰᠢᠨ᠎ᠡ | ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠵᠤ᠂ ︽ᠱᠠᠩᠬᠠᠢ ᠶᠢᠨ ᠵᠣᠷᠢᠭ ᠰᠠᠨᠠᠭ᠎ᠠ︾ ᠨᠢ | ᠪᠦᠷᠢᠯᠳᠦᠭᠦᠨ ᠤᠯᠤᠰ ᠤᠳ ᠤᠨ ᠬᠠᠮᠲᠤ ᠶᠢᠨ ᠦᠷᠳᠡᠭ ᠤᠨ ᠵᠢᠷᠤᠮᠯᠠᠯ ᠪᠠ ᠠᠵᠢᠯᠯᠠᠭᠠᠨ ᠤ ᠴᠢᠭᠯᠡᠯᠲᠡ ᠪᠣᠯᠪᠠ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 23 ᠵᠢᠯ ᠤᠨ ᠲᠠᠷᠠᠭ᠎ᠠ᠂ | ᠪᠦᠷᠢᠯᠳᠦᠭᠦᠨ ᠤᠯᠤᠰ 10 ᠪᠣᠯᠣᠨ ᠨᠡᠮᠡᠭᠳᠡᠵᠦ᠂ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠶᠡᠭᠡ ᠭᠡᠷ ᠪᠦᠯᠢ︾ ᠭᠤᠷᠪᠠᠨ ᠲᠢᠪ ᠤᠨ 26 ᠤᠯᠤᠰ ᠢ ᠬᠠᠮᠤᠷᠴᠤ᠂ ᠬᠠᠨᠢᠲᠠᠨ ᠶᠠᠪᠤᠬᠤ | ᠲᠤᠳᠤᠮ ᠣᠯᠠᠰᠢᠷᠠᠵᠤ᠂ ᠬᠠᠮᠲᠤᠷᠠᠯᠴᠠᠭᠠᠨ ᠤ ᠰᠠᠭᠤᠷᠢ ᠨᠡᠩ ᠪᠠᠬᠢᠵᠢᠪᠡ᠃ ᠣᠳᠣᠬᠠᠨ ᠳᠤ ᠳᠡᠯᠡᠬᠡᠢ ᠶᠢᠷᠲᠢᠨᠴᠦ ᠶᠢᠨ | ᠵᠠᠭᠤᠨ ᠵᠢᠯ ᠤᠨ ᠬᠤᠪᠢᠰᠤᠯᠲᠠ ᠲᠦᠷᠭᠡᠰᠦᠨ ᠬᠥᠭᠵᠢᠵᠦ᠂ ᠬᠥᠮᠥᠨ ᠲᠥᠷᠥᠯᠬᠢᠲᠡᠨ ᠤ ᠨᠡᠶᠢᠭᠡᠮ ᠳᠠᠬᠢᠨᠲᠠ | ᠲᠡᠦᠬᠡ ᠶᠢᠨ ᠲᠣᠨᠣᠯᠵᠢᠨ ᠵᠠᠮ ᠳᠤ ᠵᠣᠭᠰᠣᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ | ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠬᠰᠣᠬᠤ ᠨᠢ | ᠳᠡᠯᠡᠬᠡᠢ ᠳᠤ ᠲᠦᠢᠯ ᠤᠨ ᠴᠢᠬᠤᠯᠠ ᠶᠤᠮ᠃ | ᠬᠦᠢᠲᠡᠨ ᠲᠠᠶᠢᠨ ᠤ ᠰᠡᠳᠬᠢᠬᠦᠢ ᠶᠢᠨ ᠪᠣᠳᠠᠲᠤ ᠰᠦᠷᠳᠡᠭᠦᠯᠦᠯ ᠤᠨ ᠡᠮᠦᠨ᠎ᠡ᠂ ᠪᠢᠳᠡ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠶ᠎ᠠ᠃ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ | ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ ᠦᠢᠯᠡᠳᠦᠯᠭᠡᠵᠢᠭᠦᠯᠵᠦ᠂ ᠶᠠᠷᠢᠯᠴᠠᠭ᠎ᠠ ᠪᠠ ᠬᠠᠮᠵᠢᠯᠴᠠᠭ᠎ᠠ ᠪᠠᠷ ᠨᠠᠷᠢᠨ | ᠪᠤᠳᠤᠯᠢᠶᠠᠨᠲᠠᠢ ᠰᠣᠯᠪᠢᠴᠠᠭᠰᠠᠨ ᠠᠮᠤᠷ ᠲᠦᠪᠰᠢᠨ ᠤ ᠥᠷᠢᠰᠦᠯᠳᠦᠭᠡᠨ ᠢ ᠠᠷᠭᠠᠴᠠᠭᠠᠵᠤ᠂ ᠬᠠᠮᠲᠤ ᠪᠠᠷ ᠠᠰᠢᠭ | ᠭᠦᠷᠳᠡᠭᠦ ᠰᠡᠳᠬᠢᠬᠦᠢ ᠪᠠᠷ ᠭᠦᠨᠵᠡᠭᠡᠢ ᠲᠣᠬᠢᠷᠠᠭᠤᠯᠤᠯᠲᠠ ᠬᠢᠭᠰᠡᠨ ᠣᠯᠠᠨ ᠤᠯᠤᠰ ᠤᠨ ᠪᠠᠶᠢᠷᠢᠰᠢᠯ ᠢ ᠠᠷᠭᠠᠴᠠᠭᠠᠵᠤ᠂ | ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠡᠭᠡᠨ ᠠᠮᠤᠷ ᠲᠦᠪᠰᠢᠨ ᠳᠡᠯᠡᠬᠡᠢ ᠶᠢᠷᠲᠢᠨᠴᠦ ᠶᠢ ᠬᠠᠮᠲᠤ ᠪᠠᠷ | ᠪᠦᠲᠦᠭᠡᠨ ᠪᠠᠶᠢᠭᠤᠯᠤᠶ᠎ᠠ᠃ | ︽ᠪᠠᠭ᠎ᠠ ᠬᠦᠷᠢᠶ᠎ᠡ ᠥᠨᠳᠥᠷ ᠬᠡᠷᠡᠮ︾ ᠤᠨ ᠪᠣᠳᠠᠲᠤ ᠠᠶᠤᠯ ᠲᠦᠭᠰᠢᠭᠦᠷᠢ ᠶᠢᠨ ᠡᠮᠦᠨ᠎ᠡ᠂ ᠪᠢᠳᠡ | ᠬᠥᠭᠵᠢᠯᠲᠡ ᠶᠢᠨ ᠡᠷᠬᠡ ᠪᠠᠨ ᠬᠠᠮᠠᠭᠠᠯᠠᠶ᠎ᠠ᠃ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠯᠴᠠᠨ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ | ᠬᠠᠮᠠᠭᠠᠯᠠᠵᠤ᠂ ᠭᠠᠵᠠᠷ ᠣᠷᠣᠨ ᠤ ᠠᠵᠤ ᠠᠬᠤᠢ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠬᠠᠮᠲᠤ ᠪᠠᠷ ᠬᠥᠭᠵᠢᠬᠦ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠶ᠎ᠠ᠃ | ᠭᠠᠷ ᠲᠦᠷᠦᠵᠤ ᠬᠠᠭᠠᠴᠠᠭᠤᠯᠬᠤ ᠪᠣᠳᠠᠲᠤ ᠥᠷᠢᠰᠦᠯᠳᠦᠭᠡᠨ ᠤ ᠡᠮᠦᠨ᠎ᠡ᠂ ᠪᠢᠳᠡ ᠪᠦᠯᠬᠦᠮᠳᠡᠯ ᠤᠨ | ᠬᠦᠴᠦᠨ ᠢᠶᠠᠨ ᠪᠠᠬᠢᠵᠢᠭᠦᠯᠦᠶ᠎ᠡ᠃ ᠭᠠᠳᠠᠭᠠᠳᠤ ᠶᠢᠨ ᠭᠠᠷ ᠲᠦᠷᠦᠭᠦ ᠶᠢ ᠭᠠᠷ ᠬᠤᠯᠪᠣᠯᠴᠠᠨ ᠡᠰᠡᠷᠭᠦᠴᠡᠵᠦ᠂ | ᠬᠠᠷᠢᠯᠴᠠᠨ ᠡᠷᠡᠰ ᠳᠡᠮᠵᠢᠯᠴᠡᠵᠦ᠂ ᠲᠤᠰ ᠲᠤᠰ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠬᠠᠷᠠᠭᠠᠯᠵᠠᠵᠤ᠂ ᠡᠶ᠎ᠡ | ᠨᠠᠶᠢᠷᠲᠠᠢ ᠪᠠᠶᠢᠬᠤ ᠪᠠᠷ ᠳᠣᠲᠣᠭᠠᠳᠤ ᠶᠢᠨ ᠵᠥᠷᠢᠯᠳᠦᠭᠡᠨ ᠢᠶᠠᠨ ᠰᠢᠢᠳᠪᠦᠷᠢᠯᠡᠵᠦ᠂ ᠠᠳᠠᠯᠢ ᠲᠠᠯ᠎ᠠ ᠪᠠᠨ ᠨᠢᠭᠡᠳᠬᠡᠨ | ᠵᠥᠷᠢᠶ᠎ᠡ ᠪᠠᠨ ᠠᠷᠢᠯᠭᠠᠵᠤ ᠬᠠᠮᠲᠤᠷᠠᠯᠴᠠᠭᠠᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠤᠰ ᠤᠯᠤᠰ ᠤᠨ | ᠢᠷᠡᠭᠡᠳᠦᠢ ᠬᠤᠪᠢ ᠵᠠᠶᠠᠭ᠎ᠠ᠂ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠶᠢ ᠥᠪᠡᠷ ᠤᠨ ᠭᠠᠷ ᠲᠠᠭᠠᠨ ᠪᠠᠲᠤ | ᠡᠵᠡᠮᠳᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠡᠯᠡᠬᠡᠢ ᠶᠢᠨ ᠪᠠᠶᠢᠳᠠᠯ ᠤᠨ | ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ ᠴᠢᠳᠠᠭᠰᠠᠨ ᠤ ᠦᠨᠳᠦᠰᠦ ᠰᠤᠷᠪᠤᠯᠵᠢ ᠨᠢ | ᠪᠢᠳᠠ ᠪᠦᠯᠬᠦᠮᠳᠡᠨ ᠬᠠᠮᠵᠢᠯᠴᠠᠬᠤ ᠰᠢᠯᠢᠳᠡᠭ ᠤᠯᠠᠮᠵᠢᠯᠠᠯ᠂ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ | ᠶᠣᠰᠣ᠂ ᠲᠥᠪ ᠭᠤᠣᠯᠴᠢ ᠰᠢᠳᠤᠷᠭᠤ ᠶᠣᠰᠣᠨ ᠤ ᠦᠷᠳᠡᠭ ᠤᠨ ᠬᠥᠭᠡᠭᠡᠴᠡᠯᠳᠦᠯ᠂ ᠪᠠᠭᠲᠠᠭᠠᠮᠵᠢᠲᠠᠢ ᠬᠠᠷᠢᠯᠴᠠᠨ | ᠲᠣᠯᠢ ᠪᠤᠯᠭᠠᠬᠤ ᠠᠭᠤᠳᠠᠮᠴᠢ ᠪᠤᠳᠤᠯ ᠢ ᠢᠮᠠᠭᠲᠠ ᠪᠠᠷᠢᠮᠲᠠᠯᠠᠭᠰᠠᠨ ᠳᠤ ᠪᠤᠢ᠃ ᠪᠢᠳᠡ ᠤᠭ ᠰᠠᠨᠠᠭ᠎ᠠ ᠪᠠᠨ ᠪᠠᠲᠤ | ᠰᠠᠬᠢᠵᠤ᠂ ︽ᠱᠠᠩᠬᠠᠢ ᠶᠢᠨ ᠵᠣᠷᠢᠭ ᠰᠠᠨᠠᠭ᠎ᠠ︾ ᠶᠢᠨ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠠᠮᠵᠢᠯᠲᠠ ᠣᠯᠵᠤ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠴᠢᠭᠯᠡᠯ ᠢ ᠬᠠᠮᠲᠤ ᠪᠠᠷ ᠲᠣᠭᠲᠠᠭᠤᠨ ᠡᠵᠡᠮᠳᠡᠵᠦ᠂ ᠲᠤᠰ ᠵᠣᠬᠢᠶᠠᠨ | ᠪᠠᠶᠢᠭᠤᠯᠤᠯᠲᠠ ᠶᠢ ᠪᠦᠷᠢᠯᠳᠦᠭᠦᠨ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠨᠠᠶᠢᠳᠠᠪᠤᠷᠢᠲᠠᠢ | ᠲᠦᠰᠢᠭ ᠲᠤᠯᠭᠠᠭᠤᠷᠢ ᠪᠣᠯᠭᠠᠶ᠎ᠠ ᠭᠡᠵᠦ ᠴᠢᠬᠤᠯᠠᠴᠢᠯᠠᠪᠠ᠃ | ᠬᠤᠷᠠᠯ ᠳᠤ ᠣᠷᠣᠯᠴᠠᠬᠰᠠᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠠᠵᠠᠷ ᠣᠷᠣᠨ ᠤ ᠡᠩᠬᠡ ᠲᠠᠶᠢᠪᠤᠩ ᠪᠣᠯᠣᠨ ᠠᠮᠤᠷ ᠲᠦᠪᠰᠢᠨ ᠢ | ᠬᠠᠮᠠᠭᠠᠯᠠᠬᠤ ᠳᠤ ᠦᠵᠡᠭᠦᠯᠦᠭᠰᠡᠨ ᠪᠦᠲᠦᠭᠡᠯᠴᠢ ᠴᠢᠨᠠᠷᠲᠠᠢ ᠦᠢᠯᠡᠳᠦᠯ ᠢ ᠢᠳᠡᠪᠬᠢᠲᠡᠢ ᠦᠨᠡᠯᠡᠵᠦ᠂ ᠠᠷᠠᠯᠵᠢᠶ᠎ᠠ᠂ ᠵᠠᠮ | ᠬᠠᠷᠢᠯᠴᠠᠭ᠎ᠠ᠂ ᠡᠨᠧᠷᠭᠢ᠂ ᠮᠥᠩᠭᠦᠨ ᠭᠦᠢᠯᠭᠡᠭᠡ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠵᠠᠯᠠᠭᠤᠴᠤᠳ ᠵᠡᠷᠭᠡ ᠰᠣᠶᠣᠯ | ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃ ᠤᠳᠤᠷᠢᠳᠬᠤ | ᠬᠥᠮᠥᠰ᠂ ᠣᠳᠣᠬᠠᠨ ᠤ ᠳᠡᠯᠡᠬᠡᠢ ᠶᠢᠨ ᠤᠯᠤᠰ ᠲᠦᠷᠦ᠂ ᠠᠵᠤ ᠠᠬᠤᠢ ᠶᠢᠨ ᠪᠠᠶᠢᠳᠠᠯ ᠵᠢᠴᠢ ᠤᠯᠠᠨ ᠤᠯᠤᠰ ᠤᠨ | ᠬᠠᠷᠢᠯᠴᠠᠭ᠎ᠠ ᠶᠠᠭ ᠴᠢᠬᠤᠯᠠ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠭᠤᠣᠯ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠩ ᠲᠥᠯᠥᠭᠡᠯᠡᠬᠦ ᠴᠢᠨᠠᠷᠲᠠᠢ᠂ ᠨᠡᠩ | ᠠᠷᠠᠳᠴᠢᠯᠠᠯ ᠲᠠᠢ ᠲᠥᠪ ᠭᠤᠣᠯᠴᠢ ᠤᠯᠠᠨ ᠲᠦᠢᠯᠲᠤ ᠳᠡᠯᠡᠬᠡᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠪᠠᠯ ᠵᠣᠬᠢᠨ᠎ᠠ᠃ ᠡᠯ᠎ᠡ | ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠭᠦᠨᠳᠦᠳᠭᠡᠵᠦ᠂ | ᠤᠯᠤᠰ ᠤᠨ ᠬᠤᠭᠤᠷᠣᠨᠳᠣᠭᠢ ᠵᠥᠷᠢᠯᠳᠦᠭᠡᠨ ᠵᠢᠭᠤᠷᠠᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠪᠠᠷ ᠴᠢᠷᠮᠠᠶᠢᠵᠤ᠂ | ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠵᠦ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ | ᠲᠦᠷᠦᠭᠦ ᠶᠢ ᠡᠰᠡᠷᠭᠦᠴᠡᠪᠡᠯ ᠵᠣᠬᠢᠨ᠎ᠠ᠃ ᠤᠳᠤᠷᠢᠳᠬᠤ ᠬᠥᠮᠥᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠠᠮᠤᠷ ᠲᠦᠪᠰᠢᠨ ᠤ ᠰᠦᠷᠳᠡᠭᠦᠯᠦᠯ ᠪᠠ ᠥᠷᠢᠰᠦᠯᠳᠦᠭᠡᠨ ᠢ ᠠᠷᠭᠠᠴᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ︽ᠭᠤᠷᠪᠠᠨ ᠵᠦᠢᠯ ᠤᠨ ᠬᠦᠴᠦᠨ︾᠂ ᠬᠤᠣᠷ ᠰᠠᠷᠢᠭᠠᠯᠠᠬᠤ ᠪᠠ ᠤᠯᠤᠰ ᠠᠯᠤᠰᠯᠠᠭᠰᠠᠨ | ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠳᠡᠯᠡᠬᠡᠢ ᠨᠡᠶᠢᠭᠡᠮ ᠤᠨ ᠬᠢᠨ ᠤ | ᠠᠹᠭᠠᠨᠢᠰᠲ᠋ᠠᠨ ᠤ ᠡᠩᠬᠡ ᠲᠠᠶᠢᠪᠤᠩ᠂ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ | ᠳᠡᠮᠵᠢᠵᠦ᠂ ︽ᠬᠤᠶᠠᠷ ᠤᠯᠤᠰ ᠤᠨ ᠲᠥᠰᠥᠯ︾ ᠳᠤ ᠰᠠᠭᠤᠷᠢᠯᠠᠨ ᠫᠠᠯᠧᠰᠲ᠋ᠠᠶᠢᠨ ᠤ ᠠᠰᠠᠭᠤᠳᠠᠯ ᠢ ᠪᠦᠭᠦ ᠲᠠᠯ᠎ᠠ ᠪᠠᠷ | ᠂ ᠲᠥᠪ ᠭᠤᠣᠯᠴᠢ ᠪᠠᠷ ᠰᠢᠢᠳᠪᠦᠷᠢᠯᠡᠬᠦ ᠶᠢ ᠳᠡᠮᠵᠢᠪᠡᠯ ᠵᠣᠬᠢᠨ᠎ᠠ ᠭᠡᠵᠦ ᠦᠵᠡᠵᠡᠭᠡᠪᠡ᠃ | ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ | ᠠᠰᠲ᠋ᠠᠨᠠ ᠶᠢᠨ ᠲᠤᠩᠬᠠᠭ︾ ᠲᠤ ᠭᠠᠷ ᠤᠨ ᠦᠰᠦᠭ ᠵᠢᠷᠤᠬᠤ ᠶᠢᠨ ᠬᠠᠮᠲᠤ ᠨᠡᠶᠢᠲᠡᠯᠡᠵᠦ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠯ᠎ᠡ ᠤᠯᠤᠰ ᠪᠦᠯᠬᠦᠮᠳᠡᠨ ᠬᠠᠮᠲᠤ ᠪᠠᠷ ᠢᠶᠠᠨ ᠳᠡᠯᠡᠬᠡᠢ ᠶᠢᠨ | ᠲᠥᠪ ᠭᠤᠣᠯᠴᠢ᠂ ᠡᠶ᠎ᠡ ᠨᠠᠶᠢᠷᠠᠮᠳᠠᠭᠤ᠂ ᠬᠥᠭᠵᠢᠯᠲᠡ ᠶᠢ ᠠᠬᠢᠭᠤᠯᠬᠤ ᠲᠤᠬᠠᠢ ᠰᠠᠨᠠᠭᠠᠴᠢᠯᠠᠭ᠎ᠠ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ | ᠰᠠᠨᠠᠭᠤᠯᠭ᠎ᠠ᠂ ᠡᠶᠡᠯᠳᠡᠭ ᠬᠥᠷᠰᠢ ᠶᠢᠨ ᠢᠲᠡᠭᠡᠯᠴᠡᠭᠡ ᠪᠠ ᠬᠠᠨᠢᠲᠠᠨ ᠤ ᠬᠠᠷᠢᠯᠴᠠᠭ᠎ᠠ ᠶᠢᠨ ᠵᠠᠷᠴᠢᠮ ᠤᠨ ᠲᠤᠬᠠᠢ | ᠢᠯᠡᠷᠬᠡᠶᠢᠯᠡᠯᠲᠡ ᠵᠢᠴᠢ ᠡᠨᠧᠷᠭᠢ᠂ ᠪᠡᠯᠡ ᠣᠷᠣᠭᠤᠯᠤᠯᠲᠠ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ | ᠬᠦᠷᠢᠶᠡᠨ ᠤ ᠬᠠᠮᠲᠤᠷᠠᠯᠴᠠᠭ᠎ᠠ ᠳᠤ ᠬᠤᠯᠪᠣᠭᠳᠠᠭᠰᠠᠨ ᠠᠯᠢ ᠤᠯᠠᠨ ᠰᠢᠢᠳᠪᠦᠷᠢ ᠶᠢ ᠨᠡᠶᠢᠲᠡᠯᠡᠬᠦ ᠶᠢ ᠵᠥᠪᠰᠢᠶᠡᠷᠡᠪᠡ᠃ | ᠬᠤᠷᠠᠯ ᠠᠴᠠ ᠪᠧᠯᠤᠷᠦ᠋ᠰᠢᠶ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠶᠢ | ᠵᠢᠩᠬᠢᠨᠢ ᠪᠠᠷ ᠵᠥᠪᠰᠢᠶᠡᠷᠡᠵᠦ᠂ ᠳᠤᠮᠳᠠᠳᠤ ᠤᠯᠤᠰ 2024 ᠣᠨ ᠠᠴᠠ 2025 ᠣᠨ ᠪᠤᠯᠲᠠᠯᠠᠭᠢ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ | ᠬᠠᠷᠢᠭᠤᠴᠠᠬᠤ ᠪᠠᠷ ᠲᠣᠭᠲᠠᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |