| | ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 4 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 7 ᠰᠠᠷ᠎ᠠ ᠶᠢᠨ 4 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ | ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ ᠠᠰᠲ᠋ᠠᠨᠠ ᠶᠢᠨ ᠲᠦᠷᠦᠭᠦᠴᠦᠳ ᠤᠨ | ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ | ᠲᠠᠯᠪᠢᠪᠠ᠃ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ | ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾ ᠭᠡᠬᠦ | ᠰᠡᠳᠦᠪ ᠢᠶᠠᠷ ᠴᠢᠬᠤᠯᠠ ᠶᠠᠷᠢᠶ᠎ᠠ ᠲᠠᠯᠪᠢᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ | ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠥᠭᠡᠳ ︽ᠨᠡᠩ ᠰᠠᠶᠢᠨ ᠰᠠᠶᠢᠬᠠᠨ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠭᠠᠷ ᠬᠤᠯᠪᠣᠯᠴᠠᠨ ᠪᠠᠶᠢᠭᠤᠯᠤᠶ᠎ᠠ︾ ᠭᠡᠬᠦ | ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ ᠲᠦᠷᠦᠭᠦᠴᠦᠳ ᠤᠨ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ | ᠲᠦᠸᠧᠺᠠᠶᠧᠹ ᠤᠨ ᠬᠤᠷᠠᠯ ᠳᠤ ᠣᠷᠤᠯᠴᠠᠬᠤ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ | ᠳᠠᠶᠢᠯᠠᠯᠭ᠎ᠠ ᠳᠤ ᠣᠷᠣᠯᠴᠠᠬᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠠᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ ᠪᠢᠳᠡ ᠠᠩᠬ᠎ᠠ ᠤᠳᠠᠭ᠎ᠠ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ +︾ | ᠭᠡᠯᠪᠡᠷᠢ ᠪᠠᠷ ᠲᠦᠷᠦᠭᠦᠴᠦᠳ ᠤᠨ ᠬᠤᠷᠠᠯ ᠬᠤᠷᠠᠯᠳᠤᠭᠤᠯᠵᠤ ᠪᠤᠢ᠂ ᠰᠠᠶᠢᠨ ᠨᠠᠶᠢᠵᠠ᠂ ᠰᠢᠨ᠎ᠡ ᠬᠠᠨᠢᠲᠠᠨ ᠨᠢᠭᠡ | ᠲᠠᠩᠬᠢᠮ ᠳᠤ ᠬᠤᠷᠠᠨ ᠴᠤᠭᠯᠠᠷᠠᠵᠤ᠂ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠭᠰᠡᠨ ᠨᠢ ᠰᠢᠨ᠎ᠡ ᠴᠠᠭ ᠦᠶ᠎ᠡ ᠶᠢᠨ | ᠨᠥᠬᠦᠴᠡᠯ ᠳᠣᠣᠷ᠎ᠠ ᠲᠤᠰ ᠵᠣᠬᠢᠶᠠᠨ ᠪᠠᠶᠢᠭᠤᠯᠤᠯᠲᠠ ᠶᠢᠨ ᠣᠶᠢᠯᠠᠭᠠᠭᠳᠠᠬᠤᠨ ᠥᠷᠭᠡᠨ ᠢᠶᠠᠷ ᠬᠦᠷᠢᠶᠡᠯᠡᠭᠳᠡᠵᠦ᠂ | ᠪᠦᠷᠢᠯᠳᠦᠭᠦᠨ ᠤᠯᠤᠰ ᠤᠳ ᠤᠨ ᠨᠠᠶᠢᠵᠠ ᠳᠡᠯᠡᠬᠡᠢ ᠳ᠋ᠠᠬᠢᠨ ᠳᠤ ᠲᠠᠷᠬᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ | ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠥᠷᠨᠢᠵᠦ ᠪᠤᠢ᠃ ᠬᠥᠮᠥᠨ ᠲᠥᠷᠥᠯᠬᠢᠲᠡᠨ ᠤ ᠪᠣᠯᠪᠠᠰᠤᠨ ᠶᠡᠭᠡ | ᠠᠯᠬᠤᠮ ᠢᠶᠠᠷ ᠤᠷᠤᠭᠰᠢᠯᠠᠬᠤ ᠶᠢᠨ ᠬᠠᠮᠲᠤ ᠠᠮᠤᠷ ᠲᠦᠪᠰᠢᠨ ᠪᠤᠰᠤ᠂ ᠲᠣᠭᠲᠠᠭᠤᠨ ᠪᠤᠰᠤ᠂ ᠲᠣᠬᠲᠠᠭᠠᠯᠲᠤ ᠪᠤᠰᠤ | ᠬᠦᠴᠦᠨ ᠵᠦᠢᠯ ᠴᠦ ᠢᠯᠡᠳᠲᠡ ᠨᠡᠮᠡᠭᠳᠡᠵᠦ ᠪᠠᠶᠢᠨ᠎ᠠ᠃ ᠡᠨᠡ ᠬᠦ ᠶᠡᠭᠡ ᠬᠤᠪᠢᠰᠤᠯᠲᠠ ᠶᠢ ᠰᠠᠶᠢᠲᠤᠷ | ᠠᠷᠭᠠᠴᠠᠭᠠᠬᠤ ᠳᠤ ᠵᠠᠩᠭᠢᠯᠠᠭ᠎ᠠ ᠨᠢ ᠬᠤᠪᠢᠰᠤᠯᠲᠠ ᠶᠢ ᠲᠠᠨᠢᠬᠤ ᠤᠶᠤᠨ ᠤᠬᠠᠭᠠᠨ᠂ ᠬᠤᠪᠢᠰᠤᠯᠲᠠ ᠶᠢ ᠠᠷᠭᠠᠴᠠᠭᠠᠬᠤ | ᠠᠷᠭ᠎ᠠ᠂ ᠬᠤᠪᠢᠰᠤᠯᠲᠠ ᠶᠢ ᠡᠷᠢᠯᠬᠢᠯᠡᠬᠦ ᠡᠷᠡᠯᠬᠡᠭ ᠵᠣᠷᠢᠭ ᠪᠠᠶᠢᠪᠠᠯ ᠵᠣᠬᠢᠨ᠎ᠠ᠃ ᠪᠢᠳᠡ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠵᠤ᠂ ︽ᠱᠠᠩᠬᠠᠢ ᠶᠢᠨ ᠵᠣᠷᠢᠭ ᠰᠠᠨᠠᠭ᠎ᠠ︾ ᠶᠢ ᠢᠮᠠᠭᠲᠠ | ᠪᠠᠷᠢᠮᠲᠠᠯᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ᠂ ᠲᠤᠰ ᠭᠠᠵᠠᠷ ᠣᠷᠣᠨ ᠤ ᠪᠠᠨ ᠪᠣᠳᠠᠲᠤ | ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠩ ᠰᠠᠶᠢᠨ ᠰᠠᠶᠢᠬᠠᠨ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ | ᠂ ᠡᠯ᠎ᠡ ᠤᠯᠤᠰ ᠤᠨ ᠠᠷᠠᠳ ᠲᠦᠮᠡᠨ ᠢ ᠠᠮᠤᠷ ᠠᠮᠤᠭᠤᠯᠠᠩ ᠠᠵᠤ ᠲᠦᠷᠦᠭᠦᠯᠵᠦ᠂ ᠵᠣᠯ ᠵᠢᠷᠭᠠᠯ ᠲᠠᠢ | ᠠᠮᠢᠳᠤᠷᠠᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠲᠠᠪᠤᠨ ᠲᠠᠯ᠎ᠠ ᠶᠢᠨ ᠰᠠᠨᠠᠭᠤᠯᠭ᠎ᠠ ᠳᠤᠷᠠᠳᠪᠠ᠃ | ᠨᠢᠭᠡᠳᠦᠭᠡᠷ ᠲᠤ᠂ ᠪᠦᠯᠬᠦᠮᠳᠡᠨ ᠢᠲᠡᠭᠡᠯᠴᠡᠭᠰᠡᠨ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ︽ | ᠱᠠᠩᠬᠠᠢ ᠶᠢᠨ ᠵᠣᠷᠢᠭ ᠰᠠᠨᠠᠭ᠎ᠠ︾ ᠨᠢ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠲᠠᠢ ᠤᠳᠤᠮ | ᠤᠯᠠᠮᠵᠢᠯᠠᠯ ᠨᠢᠭᠡᠲᠡᠢ ᠪᠠᠶᠢᠵᠤ᠂ ᠲᠤᠰ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠦᠷᠳᠡᠭ ᠮᠥᠨ᠂ ᠡᠭᠦᠨ ᠢ | ᠬᠤᠪᠢ ᠲᠠᠭᠢᠨ ᠢᠶᠠᠷ ᠨᠠᠨᠳᠢᠩᠨᠠᠵᠤ ᠢᠮᠠᠭᠲᠠ ᠵᠢᠷᠤᠮᠯᠠᠪᠠᠯ ᠵᠣᠬᠢᠨ᠎ᠠ᠃ ᠪᠢᠳᠡ ᠲᠤᠰ ᠲᠤᠰ ᠤᠨ ᠢᠶᠠᠨ ᠪᠡᠶ᠎ᠡ ᠪᠠᠨ | ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠢ ᠭᠦᠨᠳᠦᠳᠭᠡᠵᠦ᠂ ᠲᠤᠰ ᠲᠤᠰ ᠤᠨ ᠢᠶᠠᠨ ᠭᠤᠣᠯᠯᠠᠭᠴᠢ ᠠᠰᠢᠭ | ᠲᠤᠰᠠ ᠪᠠᠨ ᠬᠠᠮᠠᠭᠠᠯᠠᠬᠤ ᠶᠢ ᠳᠡᠮᠵᠢᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠷ ᠳᠠᠮᠵᠢᠨ | ᠵᠥᠷᠢᠯᠳᠦᠭᠡᠨ ᠢᠶᠠᠨ ᠠᠷᠢᠯᠭᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠦᠶ᠎ᠡ | ᠃ ᠪᠦᠷᠢᠯᠳᠦᠭᠦᠨ ᠤᠯᠤᠰ ᠤᠳ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦ ᠶᠢᠨ ᠨᠠᠮ ᠤᠨ | ᠶᠠᠷᠢᠶᠠᠨ ᠤ ᠲᠠᠪᠴᠠᠩ ᠢ ᠵᠣᠬᠢᠰᠲᠠᠢ ᠴᠠᠭ ᠲᠤ ᠡᠷᠭᠢᠯᠡᠭᠦ ᠶᠢ ᠳᠤᠮᠳᠠᠳᠤ ᠤᠯᠤᠰ ᠰᠠᠨᠠᠭᠠᠴᠢᠯᠠᠵᠤ ᠪᠠᠶᠢᠨ᠎ᠠ᠃ | ᠬᠤᠶᠠᠳᠤᠭᠠᠷ ᠲᠤ᠂ ᠠᠮᠤᠷ ᠠᠮᠤᠭᠤᠯᠠᠩ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ ᠡᠯ᠎ᠡ ᠤᠯᠤᠰ | ᠴᠥᠮ ᠠᠮᠤᠷ ᠲᠦᠪᠰᠢᠨ ᠪᠠᠶᠢᠪᠠᠯ ᠰᠠᠶ᠋ᠢ ᠵᠢᠩᠬᠢᠨᠢ ᠠᠮᠤᠷ ᠲᠦᠪᠰᠢᠨ ᠪᠠᠶᠢᠵᠤ ᠴᠢᠳᠠᠨ᠎ᠠ᠃ ᠪᠢᠳᠡ ᠠᠮᠤᠷ | ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ | ᠰᠦᠷᠳᠡᠭᠦᠯᠦᠯ ᠪᠠ ᠥᠷᠢᠰᠦᠯᠳᠦᠭᠡᠨ ᠢ ᠠᠷᠭᠠᠴᠠᠭᠠᠬᠤ ᠶᠡᠷᠦᠩᠬᠡᠶᠢᠯᠡᠭᠰᠡᠨ ᠲᠥᠪ ᠵᠢᠴᠢ ᠲᠡᠭᠦᠨ ᠤ ᠳᠣᠣᠷᠠᠬᠢ | ᠪᠠᠶᠢᠭᠤᠯᠤᠮᠵᠢ ᠶᠢ ᠲᠦᠷᠭᠡᠳᠬᠡᠨ ᠪᠠᠶᠢᠭᠤᠯᠵᠤ᠂ ᠬᠤᠣᠷᠲᠤ ᠡᠳ᠋ ᠢ ᠴᠠᠭᠠᠵᠠᠯᠠᠬᠤ ᠲᠥᠪ ᠢ ᠪᠠᠶᠢᠭᠤᠯᠵᠤ᠂ ᠨᠢᠭᠤᠴᠠ | ᠮᠡᠳᠡᠭᠡᠨ ᠤ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠭᠰᠠᠨ ᠠᠵᠢᠯᠯᠠᠭ᠎ᠠ ᠥᠷᠨᠢᠭᠦᠯᠦᠶ᠎ᠡ᠃ ᠳᠤᠮᠳᠠᠳᠤ ᠤᠯᠤᠰ | ︽ᠰᠦᠷᠳᠡᠭᠦᠯᠦᠯ ᠢ ᠡᠰᠡᠷᠭᠦᠴᠡᠬᠦ ᠬᠠᠮᠵᠢᠯᠴᠠᠭ᠎ᠠ — 2024︾ ᠬᠠᠮᠲᠤᠷᠠᠭᠰᠠᠨ ᠰᠦᠷᠳᠡᠭᠦᠯᠦᠯ ᠢ ᠡᠰᠡᠷᠭᠦᠴᠡᠬᠦ | ᠰᠣᠷᠢᠯᠲᠠ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠭᠦ ᠪᠣᠯᠣᠨ᠎ᠠ᠃ ᠠᠹᠭᠠᠨᠢᠰᠲ᠋ᠠᠨ ᠤ ᠬᠥᠷᠰᠢ ᠤᠯᠤᠰ ᠤᠨ | ᠵᠣᠬᠢᠴᠠᠭᠤᠯᠭ᠎ᠠ ᠬᠠᠮᠲᠤᠷᠠᠯᠴᠠᠭᠠᠨ ᠤ ᠲᠣᠭᠲᠠᠴᠠ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ | ᠠᠹᠭᠠᠨᠢᠰᠲ᠋ᠠᠨ ᠤ ᠡᠩᠬᠡ ᠲᠠᠶᠢᠪᠤᠩ ᠢᠶᠠᠷ ᠳᠠᠭᠢᠨ ᠪᠠᠶᠢᠭᠤᠯᠬᠤ ᠵᠠᠮ ᠢᠶᠠᠷ ᠵᠠᠮᠨᠠᠬᠤ ᠶᠢ ᠠᠬᠢᠭᠤᠯᠤᠶ᠎ᠠ᠃ | ᠭᠤᠷᠪᠠᠳᠤᠭᠠᠷ ᠲᠤ᠂ ᠴᠡᠴᠡᠭᠯᠡᠨ ᠬᠥᠭᠵᠢᠭᠰᠡᠨ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ᠃ | ᠳᠤᠮᠳᠠᠳᠤ ᠤᠯᠤᠰ 2025 ᠣᠨ ᠢ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠦᠷᠭᠦᠯᠵᠢᠯᠡᠬᠦ ᠬᠥᠭᠵᠢᠯᠲᠡ ᠶᠢᠨ ᠣᠨ︾ ᠢᠶᠠᠷ ᠲᠣᠭᠲᠠᠭᠠᠬᠤ ᠶᠢ ᠰᠠᠨᠠᠭᠠᠴᠢᠯᠠᠵᠤ᠂ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠠᠵᠤ | ᠠᠬᠤᠢ ᠶᠢᠨ ᠵᠢᠱᠢᠶ᠎ᠡ ᠦᠵᠡᠭᠦᠯᠭᠦ ᠰᠠᠭᠤᠷᠢᠨ᠂ ᠣᠷᠣᠨ ᠨᠤᠲᠤᠭ ᠤᠨ ᠠᠵᠤ ᠠᠬᠤᠢ ᠠᠷᠠᠯᠵᠢᠶᠠᠨ ᠤ ᠵᠢᠱᠢᠶ᠎ᠡ | ᠦᠵᠡᠭᠦᠯᠭᠦ ᠣᠷᠣᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠶᠢ ᠡᠭᠦᠳᠬᠦ ᠰᠠᠭᠤᠷᠢᠨ | ᠵᠡᠷᠭᠡ ᠲᠠᠪᠴᠠᠩ ᠢ ᠰᠠᠶᠢᠲᠤᠷ ᠠᠰᠢᠭᠯᠠᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠤᠮᠳᠠᠳᠤ ᠶᠢᠨ | ᠲᠠᠯ᠎ᠠ ᠡᠯ᠎ᠡ ᠲᠠᠯ᠎ᠠ ᠶᠢᠨ ᠬᠢᠨ ᠳᠣᠬᠢᠭᠤᠷ ᠲᠤᠯᠤᠭᠠᠨ ᠣᠲᠣ ᠳᠠᠭᠠᠭᠤᠯᠢ ᠣᠲᠣ ᠪᠠᠷ ᠵᠠᠮᠴᠢᠯᠠᠬᠤ ᠰᠢᠰᠲ᠋ᠧᠮ ᠢ | ᠬᠡᠷᠡᠭᠯᠡᠵᠦ᠂ ᠣᠯᠠᠨ ᠤᠯᠤᠰ ᠤᠨ ᠰᠠᠷᠠᠨ ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠷᠲᠡᠭᠡ ᠶᠢᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠰᠤᠷᠭᠠᠨ ᠬᠥᠮᠦᠵᠢᠯ ᠤᠨ ᠬᠤᠯᠪᠤᠭ᠎ᠠ | ᠪᠠᠶᠢᠭᠤᠯᠬᠤ ᠶᠢ ᠰᠠᠨᠠᠭᠠᠴᠢᠯᠠᠵᠤ᠂ ᠲᠤᠰ ᠵᠣᠬᠢᠶᠠᠨ ᠪᠠᠶᠢᠭᠤᠯᠤᠯᠲᠠ ᠶᠢᠨ ᠤᠯᠤᠰ ᠤᠳ ᠲᠤ ᠲᠣᠭᠠᠴᠢᠯᠠᠭᠰᠠᠨ | ᠮᠡᠷᠭᠡᠵᠢᠯ ᠤᠨ ᠪᠣᠯᠪᠠᠰᠤᠷᠠᠯ ᠤᠨ ᠣᠷᠣᠨ ᠲᠤᠭ᠎ᠠ ᠬᠠᠩᠭᠠᠬᠤ ᠳᠤ ᠳᠤᠷᠠᠲᠠᠢ ᠪᠠᠶᠢᠨ᠎ᠠ᠃ ᠲᠤᠰ ᠵᠣᠬᠢᠶᠠᠨ | ᠪᠠᠶᠢᠭᠤᠯᠤᠯᠲᠠ ᠶᠢᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠵᠤ᠂ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠠ᠃ | ᠳᠥᠷᠪᠡᠳᠦᠭᠡᠷ ᠲᠤ᠂ ᠡᠶᠡᠯᠳᠡᠭ ᠬᠥᠷᠰᠢ ᠶᠢᠨ ᠨᠥᠭᠦᠷᠰᠡᠭ ᠬᠠᠮᠲᠤ ᠶᠢᠨ ᠭᠡᠷ ᠣᠷᠣᠨ ᠢ ᠪᠦᠲᠦᠭᠡᠨ ᠪᠠᠶᠢᠭᠤᠯᠤᠶ᠎ᠠ | ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ | ᠬᠠᠮᠲᠤᠷᠠᠯᠴᠠᠭᠠᠨ ᠤ ᠵᠥᠪᠯᠡᠯ ᠵᠡᠷᠭᠡ ᠠᠷᠠᠳ ᠤᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠤᠯᠠᠮᠵᠢᠯᠠᠯᠲᠤ ᠠᠨᠠᠭᠠᠬᠤ ᠤᠬᠠᠭᠠᠨ ᠤ ᠶᠠᠷᠢᠶᠠᠨ ᠤ ᠲᠠᠪᠴᠠᠩ᠂ ᠠᠷᠠᠳ ᠤᠨ ᠨᠥᠬᠦᠷᠯᠡᠯ ᠤᠨ ᠶᠠᠷᠢᠶᠠᠨ ᠤ ᠲᠠᠪᠴᠠᠩ᠂ | ᠵᠠᠯᠠᠭᠤᠴᠤᠳ ᠤᠨ ᠰᠣᠯᠢᠯᠴᠠᠭᠠᠨ ᠤ ᠬᠤᠸᠠᠷᠠᠨ᠂ ᠵᠠᠯᠠᠭᠤᠴᠤᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠵᠡᠷᠭᠡ | ᠲᠦᠷᠦᠯ ᠲᠡᠮᠳᠡᠭ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠭᠢᠯᠡᠨ᠎ᠡ᠃ ᠡᠯ᠎ᠡ ᠲᠠᠯ᠎ᠠ ᠶᠢᠨ ᠬᠢᠨ ᠤ | ᠴᠢᠩᠳᠣᠣ ᠶᠢᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ᠂ ᠡᠮᠡᠭᠲᠡᠶᠢᠴᠦᠳ ᠤᠨ ᠶᠠᠷᠢᠶᠠᠨ ᠤ | ᠲᠠᠪᠴᠠᠩ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠢᠷᠡᠬᠦ 5 ᠵᠢᠯ ᠳᠤ᠂ ᠳᠤᠮᠳᠠᠳᠤ | ᠤᠯᠤᠰ ᠲᠤᠰ ᠵᠣᠬᠢᠶᠠᠨ ᠪᠠᠶᠢᠭᠤᠯᠤᠯᠲᠠ ᠶᠢᠨ ᠤᠯᠤᠰ ᠤᠳ ᠲᠤ 1000 ᠵᠠᠯᠠᠭᠤᠴᠤᠳ ᠤᠨ ᠳᠤᠮᠳᠠᠳᠤ ᠤᠯᠤᠰ ᠲᠤ | ᠬᠦᠷᠴᠦ ᠰᠣᠯᠢᠯᠴᠠᠭ᠎ᠠ ᠬᠢᠬᠦ ᠣᠷᠣᠨ ᠲᠤᠭ᠎ᠠ ᠬᠠᠩᠭᠠᠨ᠎ᠠ᠃ | ᠲᠠᠪᠤᠳᠤᠭᠠᠷ ᠲᠤ᠂ ᠲᠥᠪ ᠭᠤᠣᠯᠴᠢ ᠰᠢᠳᠤᠷᠭᠤ ᠶᠣᠰᠣᠨ ᠤ ᠬᠠᠮᠲᠤ ᠶᠢᠨ ᠭᠡᠷ ᠣᠷᠣᠨ ᠢ ᠪᠦᠲᠦᠭᠡᠨ | ᠪᠠᠶᠢᠭᠤᠯᠤᠶ᠎ᠠ᠃ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ ᠪᠠ ᠲᠦᠭᠡᠮᠡᠯ | ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠵᠢᠩᠬᠢᠨᠢ | ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ | ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ | ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠶᠢ | ᠠᠷᠢᠯᠭᠠᠬᠤ ᠳᠤ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠦᠴᠦᠨ︾ ᠢ ᠨᠡᠮᠡᠷᠢᠯᠡᠨ᠎ᠡ᠃ | ᠰᠢ ᠶᠢᠨ ᠫᠢᠩ᠂ ᠪᠦᠯᠬᠦᠮᠳᠡᠨ ᠬᠠᠮᠵᠢᠯᠴᠠᠬᠤ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠶᠠᠪᠤᠵᠤ ᠢᠷᠡᠭᠰᠡᠨ ᠠᠮᠵᠢᠯᠲᠠ ᠲᠠᠢ ᠲᠤᠷᠰᠢᠯᠭ᠎ᠠ ᠮᠥᠨ᠂ ᠪᠠᠰᠠ ᠴᠤ ᠰᠢᠨ᠎ᠡ ᠠᠶᠠᠨ ᠳᠤ | ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠶᠢᠨ ᠵᠠᠶᠢᠯᠠᠰᠢ ᠦᠭᠡᠢ ᠰᠣᠩᠭᠤᠯᠲᠠ ᠮᠥᠨ᠃ | ᠠᠰᠲ᠋ᠠᠨᠠ ᠶᠢᠨ ᠲᠦᠷᠦᠭᠦᠴᠦᠳ ᠤᠨ ᠬᠤᠷᠠᠯ ᠤᠨ ᠳᠠᠷᠠᠭ᠎ᠠ᠂ ᠳᠤᠮᠳᠠᠳᠤ ᠤᠯᠤᠰ ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠡᠭᠦᠷᠭᠡᠯᠡᠬᠦ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠲᠤᠰ ᠵᠣᠬᠢᠶᠠᠨ ᠪᠠᠶᠢᠭᠤᠯᠤᠯᠲᠠ ᠶᠢᠨ | ᠬᠠᠨᠢᠲᠠᠨ ᠲᠠᠢ ᠪᠦᠯᠬᠦᠮᠳᠡᠨ ᠬᠠᠮᠵᠢᠯᠴᠠᠵᠤ᠂ ︽ᠱᠠᠩᠬᠠᠢ ᠶᠢᠨ ᠵᠣᠷᠢᠭ ᠰᠠᠨᠠᠭ᠎ᠠ︾ ᠶᠢ ᠮᠡᠳᠡᠷᠡᠬᠦ ᠨᠡᠩ ᠤᠯᠠᠨ ᠤᠯᠤᠰ | ᠪᠠ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠢᠷᠡᠭᠡᠳᠦᠢ ᠶᠢ ᠨᠡᠩ ᠭᠡᠭᠡᠨ ᠰᠠᠷᠠᠭᠤᠯ | ᠪᠣᠯᠭᠠᠨ᠎ᠠ ᠭᠡᠵᠦ ᠴᠢᠬᠤᠯᠠᠴᠢᠯᠠᠪᠠ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ | ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤᠯᠤᠰ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠡᠱᠧᠨᠺᠧ᠂ ᠺᠢᠷᠭᠢᠽᠰᠲ᠋ᠠᠨ ᠤ | ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ᠂ ᠣᠷᠣᠰ ᠤᠨ ᠶᠡᠷᠦᠩᠬᠡᠶᠢᠯᠡᠭᠴᠢ ᠫᠦᠲ᠋ᠢᠨ | ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠢᠷᠠᠨ ᠤ | ᠣᠷᠣᠯᠠᠭᠴᠢ ᠶᠡᠷᠦᠩᠬᠡᠶᠢᠯᠡᠭᠴᠢ ᠮᠦᠾᠧᠪᠧᠶᠢᠷ ᠪᠣᠯᠣᠨ ᠡᠨᠡᠳᠬᠡᠭ ᠤᠨ ᠲᠥᠯᠥᠭᠡᠯᠡᠭᠴᠢ᠂ ᠠᠵᠢᠭᠯᠠᠭᠴᠢ ᠤᠯᠤᠰ | ᠪᠤᠯᠬᠤ ᠮᠣᠩᠭᠤᠯ ᠤᠯᠤᠰ ᠤᠨ ᠤᠳᠤᠷᠢᠳᠬᠤ ᠬᠥᠮᠥᠨ᠂ ᠲᠡᠷᠢᠭᠦᠯᠡᠭᠴᠢ ᠤᠯᠤᠰ ᠤᠨ ᠵᠣᠴᠢᠨ ᠠᠽᠧᠷᠪᠠᠶᠢᠵᠠᠨ᠂ | ᠺᠠᠲ᠋ᠠᠷ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠲᠦᠷᠺ᠂ ᠲᠦᠷᠺᠮᠧᠨᠰᠲ᠋ᠠᠨ ᠤ ᠤᠳᠤᠷᠢᠳᠤᠭᠴᠢ ᠵᠢᠴᠢ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ ᠵᠡᠷᠭᠡ | ᠳᠡᠯᠡᠬᠡᠢ ᠶᠢᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠣᠯᠴᠠᠪᠠ᠃ | ᠲᠦᠷᠦᠭᠦᠴᠦᠳ ᠤᠨ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠲᠦᠸᠧᠺᠠᠶᠧᠹ ᠤᠨ ᠬᠤᠷᠠᠯ ᠳᠤ | ᠣᠷᠤᠯᠴᠠᠬᠤ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ ᠤᠭᠲᠤᠬᠤ ᠳᠠᠶᠢᠯᠠᠯᠭ᠎ᠠ ᠳᠤ ᠣᠷᠣᠯᠴᠠᠬᠰᠠᠨ | ᠪᠥᠭᠡᠳ ᠬᠠᠮᠲᠤ ᠭᠡᠷᠡᠯ ᠵᠢᠷᠤᠭ ᠲᠠᠲᠠᠭᠤᠯᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |