ᠤᠯᠠᠭᠠᠨᠬᠤᠲᠠ ᠶᠢᠨ ᠰᠠᠭᠠᠯᠢ ᠶᠢᠨ ᠦᠨᠢᠶᠡᠨ ᠤ ᠠᠮᠢ ᠠᠬᠤᠶ ᠶᠢᠨ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠤᠭᠤᠷᠢᠭ ᠤᠨ ᠪᠥᠲᠥᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2024/7/9
         ᠣᠲᠣ ᠦᠶ᠎ᠡ ᠶᠢᠨ ᠮᠠᠯ ᠠᠵᠤ ᠠᠬᠤᠶ ᠶᠢᠨ ᠭᠡᠭᠡᠨᠲᠠᠯ᠎ᠠ ᠮᠠᠯᠵᠢᠯ ᠤᠨ ᠲᠠᠯᠠᠪᠠᠶ ᠶᠢᠨ ᠤᠯᠠᠭᠠᠨᠬᠤᠲᠠ ᠶᠢᠨ ᠰᠠᠭᠠᠯᠢ ᠶᠢᠨ ᠦᠨᠢᠶ᠎ᠡ ᠶᠢᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠤᠭᠤᠷᠢᠭ ᠤᠨ ᠪᠥᠲᠥᠭᠡᠨ ᠪᠠᠶᠢᠭᠤᠯᠤᠯᠲᠠ ᠯᠠᠪᠳᠠᠭᠤᠨ ᠢᠶᠠᠷ ᠠᠭᠢᠵᠤ᠂ ᠣᠳᠣᠬᠠᠨ ᠳᠤ᠂ ᠲᠣᠭᠤᠷᠢᠭ ᠤᠨ ᠡᠯ᠎ᠡ ᠵᠦᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠲᠠᠰᠤᠷᠠᠯᠲᠠ ᠥᠬᠡᠶ ᠰᠢᠨᠡᠳᠴᠦ ᠪᠠᠶᠢᠨ᠎ᠠ᠃ ᠰᠤᠷᠪᠤᠯᠵᠢᠯᠠᠭᠴᠢ ᠤᠶᠢᠷ᠎ᠠ ᠳᠤ ᠤᠯᠠᠭᠠᠨᠬᠤᠲᠠ ᠶᠢᠨ ᠰᠠᠭᠠᠯᠢ ᠶᠢᠨ ᠦᠨᠢᠶᠡᠨ ᠤ ᠠᠮᠢ ᠠᠬᠤᠶ ᠶᠢᠨ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠤᠭᠤᠷᠢᠭ ᠢᠶᠠᠷ ᠬᠦᠷᠬᠦ ᠳᠤ᠂ ᠡᠷᠭᠦᠬᠦᠯ ᠲᠡᠷᠭᠡ᠂ ᠮᠠᠯᠲᠠᠭᠤᠷ ᠮᠠᠰᠢᠨ᠂ ᠰᠢᠷᠣᠶ ᠲᠦᠯᠬᠢᠬᠦ ᠮᠠᠰᠢᠨ ᠵᠡᠷᠭᠡ ᠲᠣᠮᠣ ᠬᠡᠯᠪᠡᠷᠢ ᠶᠢᠨ ᠮᠠᠰᠢᠨ ᠶᠠᠭ ᠪᠠᠴᠢᠮ ᠶᠠᠭᠠᠷᠠᠯᠳᠠᠢ ᠠᠵᠢᠯᠯᠠᠵᠤ᠂ ᠠᠵᠢᠯᠴᠢᠳ ᠲᠣᠰ ᠲᠣᠰ ᠤᠨ ᠠᠵᠢᠯ ᠢᠶᠠᠨ ᠬᠢᠵᠡᠭᠡᠨ᠂ ᠲᠤᠬᠠᠶ ᠶᠢᠨ ᠲᠠᠯᠠᠪᠤᠷ ᠤᠨ ᠨᠡᠶᠢᠲᠡ ᠶᠢᠨ ᠪᠠᠶᠢᠷᠢ ᠶᠢᠨ ᠠᠰᠠᠷ ᠵᠢᠴᠢ ᠠᠯᠪᠠᠨ ᠠᠰᠠᠷ ᠤᠨ ᠭᠠᠳᠠᠭᠠᠳᠤ ᠪᠦᠳᠦᠭᠦᠪᠴᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠳᠠᠭᠤᠰᠬᠠᠵᠤ᠂ ᠳᠣᠲᠣᠭᠠᠳᠤ ᠶᠢᠨ ᠨᠠᠷᠢᠯᠢᠭ ᠴᠢᠮᠡᠭᠯᠡᠯ ᠤᠨ ᠱᠠᠲᠤᠨ ᠳᠤ ᠣᠷᠣᠪᠠ᠃ ᠣᠳᠣᠬᠠᠨ ᠳᠤ᠂ ᠦᠬᠡᠷ ᠤᠨ 5 ᠬᠠᠰᠢᠶ᠎ᠠ ᠰᠠᠷᠠᠪᠴᠢ ᠶᠢᠨ ᠪᠣᠷᠣ ᠲᠥᠯᠥᠪ ᠢ ᠪᠠᠶᠢᠭᠤᠯᠬᠤ ᠠᠵᠢᠯ ᠨᠢᠭᠡᠨᠲᠡ ᠳᠠᠭᠤᠰᠴᠤ᠂ ᠳᠣᠲᠣᠭᠠᠳᠤ ᠬᠡᠷᠡᠰᠬᠡ ᠶᠢ ᠠᠩᠬ᠎ᠠ ᠠᠯᠬᠤᠮ ᠪᠠᠶᠢᠭᠤᠯᠤᠭᠰᠠᠨ ᠪᠠᠶᠢᠨ᠎ᠠ᠃ ᠣᠳᠣ ᠦᠶ᠎ᠡ ᠶᠢᠨ ᠮᠠᠯ ᠠᠵᠤ ᠠᠬᠤᠢ ᠶᠢᠨ ᠤᠯᠠᠭᠠᠨᠬᠤᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠧᠨ ᠮᠢᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠰᠦ ᠰᠠᠭᠠᠬᠤ ᠰᠠᠭᠠᠯᠢ ᠶᠢᠨ ᠦᠨᠢᠶ᠎ᠡ ᠶᠢᠨ ᠬᠠᠰᠢᠶ᠎ᠠ ᠰᠠᠷᠠᠪᠴᠢ ᠶᠢ ᠨᠠᠢᠮᠠᠨ ᠰᠠᠷ᠎ᠠ ᠶᠢᠨ ᠳᠤᠮᠳᠠᠴᠢ ᠪᠠᠷ ᠠᠰᠢᠭᠯᠠᠯᠳᠠ ᠳᠤ ᠤᠷᠤᠭᠤᠯᠤᠨ᠎ᠠ᠂ ᠢᠯᠭᠠᠳᠠᠰᠤ ᠶᠢ ᠰᠢᠢᠳᠪᠤᠷᠢᠯᠡᠬᠦ ᠣᠷᠣᠨ ᠨᠢᠭᠡᠨᠲᠡ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠠᠷᠪᠠᠨ ᠰᠠᠷ᠎ᠠ ᠳᠤ ᠠᠰᠢᠭᠯᠠᠯᠳᠠ ᠳᠤ ᠤᠷᠤᠭᠤᠯᠬᠤ ᠪᠤᠯᠤᠨ᠎ᠠ ᠭᠡᠵᠠᠢ᠃ ᠡᠨᠡᠬᠦ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠴᠢᠨᠠᠷ ᠰᠠᠶᠢᠲᠠᠶ ᠰᠦ ᠶᠢᠨ ᠢᠷᠡᠯᠲᠡ ᠶᠢᠨ ᠬᠠᠩᠭᠠᠯᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠣᠯᠠᠨ ᠲᠦᠮᠡᠨ ᠳᠤ ᠨᠠᠩ ᠣᠯᠠᠨ ᠠᠵᠢᠯ ᠤᠨ ᠪᠠᠶᠢᠷᠢ ᠬᠠᠩᠭᠠᠵᠤ᠂ ᠤᠯᠠᠭᠠᠨᠬᠤᠲᠠ ᠶᠢᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠬᠤ ᠪᠣᠯᠤᠨ᠎ᠠ᠃   
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号