ᠤᠯᠠᠭᠠᠨᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/9
        ︽7 · 1︾ ᠤ ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ ᠪᠠᠶᠠᠷ ᠤᠨ ᠡᠳᠦᠷ ᠲᠤ ᠴᠢᠭᠯᠡᠬᠦᠯᠤᠨ᠂ ᠥᠢᠷ᠎ᠠ ᠳᠤ ᠤᠯᠠᠭᠠᠨᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠶᠡᠷᠦᠩᠭᠡᠢ ᠡᠬᠦᠷ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠨ ᠵᠣᠬᠢᠶᠠᠨ ᠪᠠᠶᠢᠭᠤᠯᠵᠤ᠂ ᠤᠯᠠᠭᠠᠨᠬᠤᠲᠠ ᠶᠢᠨ ᠨᠠᠪᠴᠢᠨ ᠲᠠᠮᠠᠬᠢᠨ ᠦᠢᠯᠡᠳᠪᠦᠷᠢ ᠪᠠᠷ ᠬᠦᠷᠴᠦ᠂ ᠪᠠᠴᠢᠮ ᠪᠠᠶᠢᠳᠡᠯ ᠢ ᠠᠷᠭᠠᠴᠠᠭᠠᠬᠤ ᠠᠪᠤᠷᠠᠨ ᠳᠤᠰᠠᠯᠠᠬᠤ ᠪᠤᠯᠪᠠᠰᠤᠷᠠᠯ ᠤᠨ ᠠᠵᠢᠯᠯᠠᠭ᠎ᠠ ᠦᠷᠨᠢᠬᠦᠯᠪᠡ᠃ ᠠᠵᠢᠯᠯᠠᠭ᠎ᠠ ᠳᠤ᠂ ᠨᠠᠮ ᠤᠨ ᠭᠡᠰᠢᠬᠦᠳ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ ᠵᠢᠷᠦᠬᠡ ᠠᠭᠤᠰᠭᠢᠨ ᠤ ᠰᠡᠷᠭᠦᠭᠡᠯᠲᠡ᠂ AED ᠶᠢᠨ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠪᠤᠳᠠᠳᠠᠢ ᠰᠤᠷᠢᠯᠳᠠ ᠬᠢᠵᠦ ᠠᠪᠤᠷᠠᠨ ᠳᠤᠰᠠᠯᠠᠬᠤ ᠤᠷ᠎ᠠ ᠮᠡᠷᠭᠡᠵᠢᠯ ᠢ ᠤᠯᠠᠮᠵᠢᠯᠠᠵᠠᠢ᠃ ᠮᠦᠨ ᠴᠤ ᠨᠠᠪᠴᠢᠨ ᠳᠠᠮᠠᠬᠢᠨ ᠦᠢᠯᠡᠳᠪᠦᠷᠢ ᠶᠢᠨ ᠨᠠᠮ ᠤᠨ ᠶᠡᠷᠦᠩᠭᠡᠢ ᠡᠬᠦᠷ ᠤᠨ ᠭᠡᠰᠢᠬᠦᠳ ᠲᠠᠢ ᠬᠠᠮᠳᠦ ᠭᠤᠤᠯ ᠰᠡᠳᠦᠪᠳᠦ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠵᠦ᠂ ᠬᠠᠮᠳᠦ ᠪᠠᠷ ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠬᠳᠠᠬᠰᠠᠨ 103 ᠵᠢᠯ ᠤᠨ ᠤᠢ ᠶᠢ ᠪᠡᠯᠭᠡᠯᠡᠭᠰᠡᠨ ᠪᠠᠶᠢᠨ᠎ᠠ᠃ ︵ᠬᠦᠡᠭ ᠲᠢᠩ ᠲᠢᠩ︶  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号