ᠤᠯᠠᠭᠠᠨᠬᠤᠲᠠ ᠠᠵᠤ ᠦᠢᠯᠡᠳᠪᠦᠷᠢ ᠠᠷᠠᠯᠵᠢᠶ᠎ᠠ ᠬᠤᠳᠠᠯᠳᠤᠭ᠎ᠠ ᠡᠨᠧᠷᠭᠢ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
         7 ᠰᠠᠷ᠎ᠠ ᠶᠢᠨ 2 ᠤᠨ ᠡᠳᠦᠷ᠂ ᠤᠯᠠᠭᠠᠨᠬᠤᠲᠠ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭ᠎ᠠ᠂ ᠡᠨᠧᠷᠭᠢ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠬᠠᠶ ᠵᠢᠶᠠᠩ ᠬᠤᠷᠠᠯ ᠢ ᠡᠷᠭᠢᠯᠡᠵᠦ᠂ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠵᠢᠴᠢ ᠭᠤᠤᠯᠳᠠᠯᠭ᠎ᠠ ᠲᠠᠢ ᠠᠵᠤ ᠠᠬᠤᠶᠢᠯᠠᠯ ᠪᠠ ᠲᠥᠷᠥᠯ ᠵᠦᠢᠯ ᠤᠨ ᠲᠥᠯᠥᠭᠡᠯᠡᠭᠴᠢ ᠨᠠᠷ ᠲᠤᠰ ᠤᠳᠠᠭᠠᠨ ᠤ ᠬᠤᠷᠠᠯ ᠳᠤ ᠣᠷᠣᠯᠴᠠᠵᠠᠶ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠪᠣᠯᠤᠨ ᠪᠠᠶᠢᠭᠤᠯᠭ᠎ᠠ ᠨᠢᠭᠡᠴᠢ ᠶᠢᠨ ᠬᠢᠨ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠪᠠᠶᠢᠭᠤᠯᠵᠤ ᠲᠠᠭᠤᠰᠤᠭᠰᠠᠨ ᠲᠦᠷᠦᠯ ᠵᠦᠢᠯ ᠳᠤ ᠴᠢᠭᠯᠡᠭᠦᠯᠦᠨ᠂ ᠠᠵᠤ ᠠᠬᠤᠶᠢᠯᠠᠯ ᠢ ᠬᠠᠪᠰᠤᠷᠤᠨ ᠡᠯ᠎ᠡ ᠲᠦᠷᠦᠯ ᠤᠨ ᠭᠠᠷ ᠭᠦᠢᠴᠡᠳᠬᠡᠯ ᠢ ᠨᠢᠭᠡᠳ ᠨᠢᠭᠡ ᠪᠠᠷ ᠡᠮᠬᠢᠯᠡᠵᠦ᠂ ᠵᠣᠬᠢᠴᠠᠭᠤᠯᠤᠨ ᠭᠦᠢᠴᠡᠳᠬᠡᠬᠦ ᠶᠢ ᠲᠦᠷᠭᠡᠳᠭᠡᠵᠤ ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃ ᠪᠠᠶᠢᠭᠤᠯᠵᠤ ᠪᠠᠶᠢᠭ᠎ᠠ ᠲᠦᠷᠦᠯ ᠵᠦᠢᠯ ᠳᠤ ᠴᠢᠭᠯᠡᠭᠦᠯᠦᠨ᠂ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ᠂ ᠨᠠᠷᠢᠨ ᠳᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠤᠰᠬᠠᠢ ᠬᠥᠮᠦᠨ ᠢᠶᠠᠷ ᠪᠠᠷᠢᠯᠭ᠎ᠠ ᠶᠢᠨ ᠠᠬᠢᠴᠠ ᠶᠢ ᠴᠢᠩᠭ᠎ᠠ ᠠᠩᠬᠠᠷᠤᠭᠤᠯᠵᠤ᠂ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ᠂ ᠠᠯᠢ ᠲᠦᠷᠭᠡᠨ ᠢᠶᠠᠷ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠨᠥᠭᠡᠴᠡᠯᠡᠬᠦ ᠲᠥᠷᠥᠯ ᠵᠦᠢᠯ ᠳᠤ ᠴᠢᠭᠯᠡᠭᠦᠯᠦᠨ᠂ ᠪᠥᠬᠦ ᠶᠠᠪᠤᠴᠠ ᠳᠤ ᠮᠥᠷᠳᠡᠨ ᠦᠢᠯᠡᠴᠢᠯᠡᠬᠦ ᠶᠢ ᠰᠠᠶᠢᠲᠤᠷ ᠬᠢᠵᠦ᠂ ᠨᠥᠭᠡᠴᠡᠯᠡᠬᠦ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠣᠯᠭᠠᠨ ᠬᠤᠪᠢᠷᠠᠭᠤᠯᠬᠤ ᠶᠢᠨ ᠬᠠᠮᠲᠤ᠂ ᠪᠥᠬᠦ ᠬᠤᠲᠠ ᠶᠢᠨ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠠ ᠣᠷᠣᠨ ᠪᠠᠶᠢᠷᠢ ᠶᠢᠨ ᠣᠨᠴᠠᠯᠢᠭ ᠲᠤ ᠰᠠᠭᠤᠷᠢᠯᠠᠨ᠂ ᠲᠣᠰ ᠭᠠᠵᠠᠷ ᠤᠨ ᠠᠵᠤ ᠠᠬᠤᠶᠢᠯᠠᠯᠲᠠᠨ ᠢ ᠲᠠᠶᠢᠴᠢᠯᠡᠨ ᠵᠢᠯᠣᠭᠤᠳᠴᠤ ᠪᠠᠶᠢᠭᠠᠳ ᠮᠡᠳᠡᠭᠡ ᠵᠠᠩᠭᠢ᠂ ᠡᠬᠢ ᠪᠠᠶᠠᠯᠢᠭ ᠵᠡᠷᠭᠡ ᠳᠠᠪᠠᠭᠤᠯᠢᠭ ᠢ ᠨᠢ ᠪᠠᠳᠠᠷᠠᠭᠤᠯᠵᠤ ᠪᠠᠶᠢᠭᠠᠳ ᠬᠠᠪᠰᠤᠷᠤᠨ ᠤᠬᠠᠭᠤᠯᠤᠨ ᠲᠠᠨᠢᠯᠴᠠᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠨᠠᠩ ᠣᠯᠠᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠬᠠᠩᠭᠠᠬᠤ ᠬᠡᠷᠡᠭᠳᠡᠢ ᠭᠡᠵᠤ ᠴᠢᠬᠤᠯᠠᠴᠢᠯᠠᠪᠠ᠃ 
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号