ᠰᠦᠬᠡ ᠷᠠᠰᠢᠶᠠᠨ ᠬᠤᠳᠠ ᠳᠤ ᠬᠦᠷᠴᠦ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/8/1
        7 ᠰᠠᠷ᠎ᠠ ᠶᠢᠨ 26 ᠤ ᠡᠳᠦᠷ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠪᠣᠯᠬᠤ ᠭᠡᠵᠦ ᠪᠠᠶᠢᠭ᠎ᠠ ᠲᠠᠰᠢᠷᠠᠮ ᠢᠶᠠᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ  ᠶᠢᠨ ᠱᠦᠵᠢ ᠰᠦᠬᠡ ᠷᠠᠰᠢᠶᠠᠨ ᠬᠤᠳᠠ ᠳᠤ ᠬᠦᠷᠴᠦ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ᠶᠢ ᠲᠣᠬᠤᠨᠢᠭᠤᠯᠵᠤ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠵᠡᠢ᠃    ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠳᠤ᠂  ᠰᠦᠬᠡ ᠴᠡᠷᠢᠭ ᠠᠩᠬᠢ ᠶᠢᠨ ᠵᠢᠯᠤᠭᠤᠳᠤᠬᠴᠢ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ᠂ ᠡᠳᠦᠷ ᠳᠤᠳᠤᠮ ᠤᠨ ᠪᠣᠯᠪᠠᠰᠤᠷᠠᠯ ᠪᠣᠯᠤᠨ ᠬᠢᠯᠢ ᠬᠢᠵᠠᠭᠠᠷ ᠢᠶᠠᠷ ᠲᠣᠭᠤᠷᠢᠨ ᠴᠠᠭᠳᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠷᠤ ᠲᠠᠯ᠎ᠠ ᠶᠢᠨ ᠪᠠᠲᠤᠯᠠᠪᠤᠷᠢ ᠶᠢᠨ ᠠᠵᠢᠯ ᠢ ᠬᠡᠷᠬᠢᠨ ᠰᠢᠯᠢᠳᠡᠭᠵᠢᠭᠦᠯᠬᠦ ᠲᠤᠬᠠᠢ ᠲᠤᠬᠠᠢ ᠶᠢᠨ ᠭᠠᠵᠠᠷ ᠲᠤᠨᠢ ᠰᠤᠳᠤᠯᠵᠠᠢ᠃ ᠰᠦᠬᠡ᠂ ᠠᠶᠢᠮᠠᠭ ᠲᠤ ᠰᠠᠭᠤᠭ᠎ᠠ ᠴᠡᠷᠢᠭ ᠠᠩᠬᠢ ᠪᠣᠯᠤᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠢᠮᠠᠭᠲᠠ ᠪᠠᠳᠠᠷᠠᠭᠤᠯᠵᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠪᠣᠯᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠠᠮᠵᠢᠯᠲᠠ ᠣᠯᠤᠭᠰᠠᠨ ᠢᠶᠠᠷ ᠪᠠᠷᠠᠬᠤ ᠦᠭᠡᠢ᠂ ᠨᠡᠩ ᠴᠤ ᠬᠢᠯᠢ ᠶᠢᠨ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠬᠤ ᠶᠢ ᠴᠢᠩᠭᠠᠳᠬᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠴᠢᠬᠤᠯᠠ ᠦᠢᠯᠡᠳᠦᠯ ᠦᠵᠡᠭᠦᠯᠵᠦ᠂ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠲᠡᠷᠡ᠂ ᠠᠶᠢᠮᠠᠭ ᠲᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ︽ᠨᠠᠮ ᠤᠨ ᠵᠢᠯᠤᠭᠤᠳᠤᠯᠭ᠎ᠠ ᠶᠢ ᠲᠠᠭᠠᠬᠤ᠂ ᠢᠯᠠᠭᠤᠭᠰᠠᠨ ᠳᠠᠶᠢᠨ ᠬᠢᠵᠦ ᠴᠢᠳᠠᠬᠤ᠂ ᠰᠤᠷᠲᠠᠯ ᠰᠢᠯᠢᠳᠡᠭ ᠰᠠᠶᠢᠨ︾ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠠᠩᠬᠢ ᠪᠠ ᠣᠷᠣᠨ ᠨᠤᠲᠤᠭ ᠬᠠᠮᠵᠢᠯᠴᠠᠨ ︽ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ︾ ᠢ ᠰᠠᠶᠢᠲᠤᠷ ᠪᠠᠶᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠡᠬᠡ ᠤᠯᠤᠰ ᠤᠨ ᠤᠮᠠᠷᠠᠲᠤ ᠶᠡᠭᠡ ᠬᠠᠭᠠᠯᠭ᠎ᠠ ᠶᠢ ᠰᠠᠶᠢᠲᠤᠷ ᠰᠠᠬᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠨ ᠪᠠᠲᠤᠯᠠᠵᠤ᠂ ᠳᠠᠷᠤᠭ᠎ᠠ ᠪᠠᠶᠢᠯᠳᠤᠭᠴᠢᠳ ᠤᠨ ᠬᠤᠶᠢᠰᠢᠳᠠ ᠶᠢᠨ ᠵᠣᠪᠠᠨᠢᠯ ᠢ ᠦᠨᠡᠨ ᠬᠦ  ᠰᠢᠢᠳᠪᠦᠷᠢᠯᠡᠨ ᠂ ᠴᠡᠷᠢᠭ ᠵᠠᠰᠠᠭ ᠴᠡᠷᠢᠭ ᠠᠷᠠᠳ ᠤᠨ ᠬᠤᠭᠤᠷᠣᠨᠳᠣᠬᠢ ᠭᠦᠨ ᠵᠤᠵᠠᠭᠠᠨ ᠨᠥᠬᠦᠷᠯᠡᠯ ᠪᠠ ᠪᠦᠯᠬᠦᠮᠳᠡᠯ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠬᠥᠭᠵᠢᠭᠦᠯᠦᠨ᠎ᠡ ᠭᠡᠵᠡᠶ᠃    ᠷᠠᠰᠢᠶᠠᠨ ᠬᠤᠳᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠡᠷᠬᠢᠨ ᠦᠵᠡᠵᠦ ᠲᠣᠬᠤᠨᠢᠭᠤᠯᠬᠤ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号