ᠬᠢᠩᠭᠠᠨ ᠠᠶᠢᠮᠠᠭ ᠬᠢᠭᠡᠳ ᠦᠬᠠᠨ ᠶᠡᠭᠡ ᠰᠤᠷᠭᠠᠭᠤᠯᠢ ᠶᠢᠨ ᠤᠯᠤᠰ ᠲᠥᠷᠥ ᠶᠢᠨ ᠰᠤᠷᠭᠠᠭᠤᠯᠢ ᠶᠢᠨ ᠬᠠᠮᠲᠤᠷᠠᠯᠴᠠᠭ᠎ᠠ ᠶᠢ ᠵᠣᠯᠭᠠᠭᠤᠯᠬᠤ ᠬᠤᠷᠠᠯ ᠷᠠᠰᠢᠶᠠᠨ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/1
       7 ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠬᠢᠭᠡᠳ ᠦᠬᠠᠨ ᠶᠡᠭᠡ ᠰᠤᠷᠭᠠᠭᠤᠯᠢ ᠶᠢᠨ ᠤᠯᠤᠰ ᠲᠥᠷᠥ ᠶᠢᠨ ᠰᠤᠷᠭᠠᠭᠤᠯᠢ ᠶᠢᠨ ᠬᠠᠮᠲᠤᠷᠠᠨ ᠵᠣᠯᠭᠠᠭᠤᠯᠬᠤ ᠬᠤᠷᠠᠯ ᠷᠠᠰᠢᠶᠠᠨ ᠬᠤᠲᠠ ᠳᠤ ᠶᠠᠪᠤᠭᠳᠠᠪᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠬᠦᠷᠢᠶ᠎ᠠ ᠂ ᠬᠠᠮᠲᠤᠷᠠᠯᠴᠠᠭᠠᠨ ᠤ ᠴᠢᠭᠯᠡᠯ᠂ ᠬᠠᠮᠲᠤᠷᠠᠯᠴᠠᠭᠠᠨ ᠤ ᠠᠷᠭ᠎ᠠ  ᠬᠡᠮᠵᠢᠶ᠎ᠡ ᠶᠢ ᠴᠢᠨᠠᠭᠰᠢᠳᠠ ᠲᠣᠳᠣᠷᠬᠠᠶᠢᠯᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠢ᠃ ᠦᠬᠠᠨ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠵᠠᠩ ᠫᠢᠩ  ᠸᠧᠨ ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠠᠯ ᠢ ᠡᠷᠭᠢᠯᠡᠪᠡ᠃    ᠰᠦᠬᠡ ᠠᠶᠢᠮᠠᠭ ᠤᠨ ᠨᠠᠮ ᠤᠨ  ᠬᠤᠷᠢᠶ᠎ᠠ ᠂ ᠵᠠᠰᠠᠭ ᠵᠠᠬᠢᠷᠭᠠᠨ ᠤ ᠵᠠᠬᠢᠷᠭ᠎ᠠ ᠶᠢ ᠲᠥᠯᠥᠭᠡᠯᠡᠨ ᠵᠠᠩ ᠫᠢᠩ ᠸᠧᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠦᠬᠠᠨ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠰᠤᠷᠭᠠᠭᠤᠯᠢ ᠪᠠ ᠣᠷᠣᠨ ᠨᠤᠲᠤᠭ ᠤᠨ ᠬᠤᠶᠠᠷ ᠲᠠᠯ᠎ᠠ ᠪᠠᠷ ᠢᠶᠠᠨ ᠬᠤᠪᠢ ᠪᠠᠷᠢᠯᠳᠤᠯᠭ᠎ᠠ ᠲᠠᠢ ᠪᠣᠯᠤᠭᠰᠠᠨ ᠠᠴᠠ ᠨᠠᠰᠢ᠂ ᠦᠬᠠᠨ ᠶᠡᠭᠡ ᠰᠤᠷᠭᠠᠭᠤᠯᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠥᠷᠭᠡᠨ ᠤᠯᠠᠨ ᠰᠤᠷᠭᠠᠭᠤᠯᠢ  ᠨᠢᠭᠡᠳᠡᠨ ᠤ ᠠᠵᠤ ᠠᠬᠤᠶᠢᠯᠠᠯᠲᠠᠨ ᠢ ᠬᠦᠳᠦᠯᠦᠨ ᠳᠠᠭᠠᠭᠤᠯᠵᠤ ᠲᠠᠶᠢᠴᠢᠯᠠᠵᠦ ᠪᠠᠶᠢᠭᠠᠳ ᠦᠨᠡᠨ ᠰᠡᠳᠬᠢᠯ ᠠᠴᠠ ᠪᠠᠨ ᠬᠦᠴᠦ ᠣᠷᠣᠭᠤᠯᠵᠤ᠂ ᠦᠨᠡᠨᠬᠦ ᠠᠳᠬᠤᠵᠤ ᠪᠣᠳᠠᠲᠠᠢ ᠠᠵᠢᠯᠯᠠᠨ ᠠᠬᠢᠭᠤᠯᠵᠤ᠂ ᠬᠢᠩᠭᠠᠨ ᠠᠶᠢᠮᠠᠭ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠦᠬᠦ ᠣᠷᠣᠨ ᠪᠦᠰᠡ ᠶᠢᠨ ᠵᠤᠭᠠᠴᠠᠯ ᠵᠡᠷᠭᠡ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠪᠦᠬᠦ ᠠᠶᠢᠮᠠᠭ ᠤᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠲᠠᠪᠰᠢᠯᠳᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠦᠴᠦᠷᠬᠡᠭ ᠶᠡᠭᠡ ᠬᠦᠴᠦᠨ ᠨᠡᠮᠡᠷᠢᠯᠡᠵᠦ᠂ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠦᠬᠠᠨ ᠶᠡᠭᠡ ᠰᠤᠷᠭᠠᠭᠤᠯᠢ ᠥᠩᠭᠡᠷᠡᠭᠰᠡᠨ ᠲᠠᠢ ᠪᠠᠨ ᠠᠳᠠᠯᠢ ᠪᠠᠷ ᠬᠢᠩᠭᠠᠨ ᠠᠶᠢᠮᠠᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠲᠣᠰ ᠤᠳᠠᠭᠠᠨ ᠤ ᠵᠣᠯᠭᠠᠭᠤᠯᠵᠤ ᠰᠣᠯᠢᠯᠴᠠᠬᠤ ᠪᠠᠷ ᠠᠵᠠ ᠲᠣᠬᠢᠶᠠᠯ ᠪᠣᠯᠭᠠᠨ᠂ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠶᠢᠨ ᠨᠠᠩ ᠨᠢᠭᠲᠠ ᠵᠣᠯᠭᠠᠭᠤᠯᠵᠤ ᠬᠠᠷᠢᠯᠴᠠᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠺᠠᠳ᠋ᠷ ᠢ ᠪᠣᠯᠪᠠᠰᠤᠷᠠᠭᠤᠯᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ᠂ ᠠᠵᠤ  ᠦᠢᠯᠡᠰ ᠪᠠ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠨᠠᠩ ᠣᠯᠠᠨ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠶ᠃    ᠵᠠᠩ ᠫᠢᠩ ᠸᠧᠨ᠂ ᠵᠠᠰᠠᠭ ᠵᠠᠬᠢᠷᠭᠠᠨ ᠤ ᠰᠤᠷᠭᠠᠭᠤᠯᠢ ᠶᠢᠨ ᠵᠣᠯᠭᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠭᠰᠡᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠳᠡᠭᠡᠳᠦ ᠪᠠᠶᠢᠷᠢ ᠪᠠᠷ ᠠᠬᠢᠭᠤᠯᠬᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠲᠤᠷᠠᠯᠴᠠᠬᠤ᠂ ᠤᠨᠢᠨ ᠳᠡᠭᠡᠷ᠎ᠡ ᠨᠢ ᠵᠣᠯᠭᠠᠯᠴᠠᠬᠤ᠂ ᠭᠦᠨᠵᠡᠭᠡᠢ ᠠᠭᠤᠰᠤᠯᠴᠠᠬᠤ᠂ ᠬᠦᠴᠦᠨ ᠢᠶᠠᠨ ᠲᠥᠪᠯᠡᠷᠡᠭᠦᠯᠦᠨ ᠴᠢᠳᠠᠪᠤᠷᠢ ᠣᠯᠭᠤᠬᠤ᠂ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠬᠤ ᠶᠢ ᠪᠠᠷᠢᠮᠲᠠᠯᠠᠵᠤ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠡᠷᠭᠡ ᠲᠠᠯ᠎ᠠ ᠪᠠᠷ ᠬᠠᠮᠲᠤᠪᠠᠷ ᠬᠠᠷᠢᠭᠤᠴᠠᠯᠭ᠎ᠠ ᠡᠭᠦᠷᠭᠡᠯᠡᠵᠦ ᠂ ᠬᠠᠮᠲᠤᠪᠠᠷ ᠬᠦᠴᠦᠯᠡᠵᠦ᠂ ᠬᠠᠮᠲᠤᠪᠠᠷ ᠤᠷᠤᠭᠰᠢᠯᠠᠵᠤ᠂ ᠵᠠᠰᠠᠭ ᠵᠠᠬᠢᠷᠭᠠᠨ ᠤ ᠰᠤᠷᠭᠠᠭᠤᠯᠢ ᠶᠢᠨ ᠬᠠᠮᠲᠤᠷᠠᠯᠴᠠᠭ᠎ᠠ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠵᠤ᠂ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠵᠡᠢ ᠭᠡᠵᠦ ᠢᠯᠡᠳᠬᠡᠪᠡ᠃ ᠬᠤᠶᠠᠷ ᠲᠠᠯ᠎ᠠ ᠪᠠᠷ ᠢᠶᠠᠨ ᠤᠯᠠᠮ ᠴᠢᠨᠠᠭᠰᠢᠳᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠰᠣᠯᠢᠯᠴᠠᠭᠠᠨ ᠤ ᠠᠷᠭ᠎ᠠ ᠵᠠᠮ ᠢ ᠰᠢᠯᠤᠭᠤᠳᠬᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠤᠶᠠᠷ ᠲᠠᠯ᠎ᠠ ᠶᠢᠨ ᠵᠣᠯᠭᠠᠭᠤᠯᠵᠤ ᠠᠭᠤᠰᠤᠯᠴᠠᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠯᠤᠰ ᠬᠡᠳᠤ ᠳᠤ ᠠᠬᠢᠭᠤᠯᠵᠤ᠂ ᠤᠯᠤᠰ ᠲᠦᠷᠦ ᠪᠠ ᠰᠤᠷᠭᠠᠭᠤᠯᠢ ᠶᠢᠨ ᠬᠤᠣᠰ ᠴᠢᠭᠯᠡᠯ ᠢᠶᠠᠷ ᠤᠷᠤᠭᠰᠢᠯᠠᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠭᠠᠷ ᠬᠤᠯᠪᠣᠨ ᠨᠡᠭᠡᠭᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠦᠬᠠᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ ᠵᠦ ᠳ᠋ᠧ ᠶᠢᠦ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ᠂ ᠯᠢᠦ ᠱᠦ ᠴᠧᠩ᠂ ᠰᠦᠨ ᠱᠦ  ᠲᠤᠤ ᠬᠤᠷᠠᠯ ᠳᠤ ᠣᠷᠣᠯᠴᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号