ᠬᠢᠩᠭᠠᠨ ᠠᠶᠢᠮᠠᠭ ᠦᠬᠠᠨ ᠶᠡᠭᠡ ᠰᠤᠷᠭᠠᠭᠤᠯᠢ ᠲᠠᠢ ᠤᠯᠤᠰ ᠲᠥᠷᠥ ᠶᠢᠨ ᠪᠠ ᠰᠤᠷᠭᠠᠭᠤᠯᠢ ᠶᠢᠨ ᠬᠠᠮᠲᠤᠷᠠᠯᠴᠠᠭᠠᠨ ᠤ ᠰᠠᠨᠠᠭᠤᠯᠤᠮᠵᠢ ᠳᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/8/1
           7 ᠰᠠᠷ᠎ᠠ ᠶᠢᠨ 27 ᠤ ᠡᠳᠦᠷ᠂ ᠤᠯᠠᠨ ᠤ ᠠᠩᠬᠠᠷᠤᠯ ᠢ ᠲᠠᠲᠠᠭᠰᠠᠨ ᠲᠠᠪᠤᠳᠤᠭᠠᠷ ᠬᠤᠭᠤᠴᠠᠭᠠᠨ ᠤ ᠷᠠᠰᠢᠶᠠᠨ ᠤ ᠰᠤᠷᠭᠠᠭᠤᠯᠢ ᠨᠢᠭᠡᠳᠡᠨ ᠤ ᠠᠵᠤ ᠠᠬᠤᠢ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠦᠪᠡᠳᠡᠭᠰᠢ ᠶᠡᠭᠡ ᠪᠠᠷ ᠡᠬᠢᠯᠡᠯ᠎ᠡ᠃ ᠣᠨᠴᠠᠭᠠᠶᠢᠯᠠᠨ ᠠᠩᠬᠠᠷᠤᠭᠤᠰᠢᠲᠠᠶ ᠨᠢ᠂ ᠲᠣᠰ ᠬᠤᠭᠤᠴᠠᠭᠠᠨ ᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠬᠢᠩᠭᠠᠨ ᠠᠶᠢᠮᠠᠭ ᠨᠢ ᠦᠬᠠᠨ ᠶᠡᠭᠡ ᠰᠤᠷᠭᠠᠭᠤᠯᠢ ᠲᠠᠢ ᠤᠯᠤᠰ ᠲᠥᠷᠥ ᠶᠢᠨ ᠪᠠ ᠰᠤᠷᠭᠠᠭᠤᠯᠢ ᠶᠢᠨ ᠬᠠᠮᠲᠤᠷᠠᠯᠴᠠᠭᠠᠨ ᠤ ᠰᠠᠨᠠᠭᠤᠯᠤᠮᠵᠢ ᠳᠤ ᠭᠠᠷ ᠤᠨ ᠥᠰᠥᠭ ᠵᠢᠷᠤᠪᠠ᠃    ᠬᠢᠩᠭᠠᠨ ᠠᠶᠢᠮᠠᠭ ᠬᠢᠭᠡᠳ ᠦᠬᠠᠨ ᠶᠡᠭᠡ ᠰᠤᠷᠭᠠᠭᠤᠯᠢ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠪᠠᠶᠢᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠵᠠᠷᠴᠢᠮ ᠶᠣᠰᠣᠭᠠᠷ᠂ ᠬᠠᠮᠲᠤᠷᠠᠯᠴᠠᠭᠠᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠬᠢᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠺᠠᠳ᠋ᠷ ᠢ ᠪᠣᠯᠪᠠᠰᠤᠷᠠᠭᠤᠯᠬᠤ᠂ ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠶ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠵᠦ᠂ ᠦᠬᠠᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠳᠥᠯᠭᠢᠨ ᠠᠬᠢᠭᠤᠯᠤᠨ᠎ᠠ ᠭᠡᠪᠡ᠃    ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠠᠯ᠎ᠠ ᠪᠠᠷ᠂ ᠦᠬᠠᠨ ᠶᠡᠭᠡ ᠰᠤᠷᠭᠠᠭᠤᠯᠢ ᠳᠤ ᠬᠢᠩᠭᠠᠨ ᠠᠶᠢᠮᠠᠭ ᠤᠨ ᠴᠢᠳᠠᠪᠤᠷᠢᠲᠠᠨ ᠡᠯᠰᠡᠬᠦ ᠬᠠᠮᠲᠤᠷᠠᠯᠴᠠᠭᠠᠨ ᠤ ᠲᠠᠪᠴᠠᠩ ᠪᠠᠶᠢᠭᠤᠯᠬᠤ ᠶᠢ ᠠᠬᠢᠭᠤᠯᠵᠤ᠂ ᠦᠬᠠᠨ ᠶᠡᠭᠡ ᠰᠤᠷᠭᠠᠭᠤᠯᠢ ᠶᠢᠨ ᠰᠢᠯᠢᠳᠡᠭ ᠳᠡᠭᠡᠳᠦ ᠰᠤᠷᠭᠠᠭᠤᠯᠢ ᠲᠡᠭᠦᠰᠦᠭᠰᠡᠳ ᠢ ᠲᠠᠲᠠᠵᠤ ᠬᠢᠩᠭᠠᠨ ᠠᠶᠢᠮᠠᠭ ᠲᠤ ᠠᠵᠢᠯᠯᠠᠭᠤᠯᠤᠨ᠎ᠠ︔ ᠺᠠᠳ᠋ᠷ ᠤᠨ ᠪᠣᠯᠪᠠᠰᠤᠷᠠᠯ ᠤᠨ ᠲᠠᠯ᠎ᠠ ᠪᠠᠷ᠂ ᠦᠬᠠᠨ ᠶᠡᠭᠡ ᠰᠤᠷᠭᠠᠭᠤᠯᠢ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠲᠤ ᠲᠦᠰᠢᠭᠯᠡᠨ ᠬᠢᠩᠭᠠᠨ ᠠᠶᠢᠮᠠᠭ ᠤᠨ ᠺᠠᠳ᠋ᠷ ᠤᠨ ᠶᠡᠷᠦᠩᠬᠡᠶᠢᠯᠡᠭᠰᠡᠨ ᠬᠡᠪ ᠴᠢᠨᠠᠷ ᠤᠨ ᠳᠡᠭᠡᠭᠰᠢᠯᠡᠯᠲᠡ ᠳᠤ ᠬᠦᠴᠦ ᠨᠡᠮᠡᠷᠢᠯᠡᠬᠦ ᠶᠢ ᠠᠬᠢᠭᠤᠯᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠠᠯ᠎ᠠ ᠪᠠᠷ᠂ ᠤᠯᠤᠰ ᠤᠨ ᠮᠡᠷᠭᠡᠵᠢᠯ ᠢ ᠰᠢᠯᠵᠢᠭᠦᠯᠬᠦ  ᠵᠢᠱᠢᠶ᠎ᠡ ᠦᠵᠡᠭᠦᠯᠬᠦ ᠪᠠᠶᠢᠭᠤᠯᠤᠮᠵᠢ ᠶᠢᠨ ᠦᠬᠠᠨ ᠶᠡᠭᠡ ᠰᠤᠷᠭᠠᠭᠤᠯᠢ ᠶᠢᠨ ᠮᠡᠷᠭᠡᠵᠢᠯ ᠢ ᠰᠢᠯᠵᠢᠭᠦᠯᠬᠦ ᠲᠥᠪ ᠤᠨ ᠬᠢᠩᠭᠠᠨ ᠠᠶᠢᠮᠠᠭ ᠲᠤ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠎ᠠ︔ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ᠂ ᠬᠢᠩᠭᠠᠨ ᠠᠶᠢᠮᠠᠭ ᠤᠨ ᠲᠣᠮᠣ ᠡᠷᠡᠭᠦᠯ ᠮᠡᠨᠳᠦ ᠶᠢᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠬᠢᠩᠭᠠᠨ ᠠᠶᠢᠮᠠᠭ ᠤᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠬᠠᠮᠲᠤᠷᠠᠯᠴᠠᠨ ᠠᠷᠠᠯᠵᠢᠶᠠᠴᠢᠨ ᠤᠷᠢᠬᠤ ᠶᠢ ᠠᠬᠢᠭᠤᠯᠤᠨ᠎ᠠ︔ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭᠠᠨ ᠤ ᠲᠠᠯ᠎ᠠ ᠪᠠᠷ᠂ ᠦᠬᠠᠨ ᠶᠡᠭᠡ ᠰᠤᠷᠭᠠᠭᠤᠯᠢ ᠲᠠᠢ ᠬᠠᠮᠲᠤ ᠪᠠᠷ ᠡᠳ᠋ᠯᠡᠬᠦ ᠵᠢᠭᠠᠨ ᠰᠤᠷᠭᠠᠯᠲᠠ ᠶᠢᠨ ᠰᠢᠯᠢᠳᠡᠭ ᠡᠬᠢ ᠪᠠᠶᠠᠯᠢᠭ ᠢ ᠠᠬᠢᠭᠤᠯᠤᠨ ᠬᠢᠩᠭᠠᠨ ᠠᠶᠢᠮᠠᠭ ᠤᠨ ᠵᠢᠭᠠᠨ ᠰᠤᠷᠭᠠᠯᠲᠠ ᠶᠢᠨ ᠲᠤᠰᠬᠠᠶ ᠮᠡᠷᠭᠡᠵᠢᠯ ᠪᠠ ᠰᠤᠷᠭᠠᠭᠤᠯᠢ ᠡᠷᠭᠢᠯᠡᠬᠦ ᠬᠢᠷᠢ ᠲᠦᠪᠰᠢᠨ ᠤ ᠳᠡᠭᠡᠭᠰᠢᠯᠡᠯᠲᠡ ᠳᠤ ᠬᠦᠴᠦᠨ ᠨᠡᠮᠡᠷᠢᠯᠡᠨ᠎ᠡ ᠭᠡᠪᠡ ᠃    ᠡᠨᠡ ᠪᠣᠯ ᠨᠢᠭᠡ ᠯᠡ ᠤᠳᠠᠭ᠎ᠠ ᠶᠢᠨ ᠳᠥᠭᠦᠮᠬᠡᠨ ᠭᠠᠷ ᠬᠥᠲᠥᠯᠥᠯᠴᠡᠬᠦ ᠶᠠᠪᠤᠳᠠᠯ ᠪᠢᠰᠢ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠬᠢᠩᠭᠠᠨ ᠠᠶᠢᠮᠠᠭ ᠨᠢ ᠦᠬᠠᠨ ᠶᠡᠭᠡ ᠰᠤᠷᠭᠠᠭᠤᠯᠢ ᠲᠠᠢ ᠠᠯᠢ ᠡᠷᠲᠡ ᠨᠢᠭᠲᠠ ᠬᠤᠯᠪᠣᠭ᠎ᠠ ᠲᠠᠢ ᠪᠣᠯᠵᠠᠢ᠃ 2019 ᠣᠨ ᠳᠤ᠂ ᠦᠬᠠᠨ ᠶᠡᠭᠡ ᠰᠤᠷᠭᠠᠭᠤᠯᠢ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ︾ ᠪᠠᠷ ᠥᠪᠡᠷ ᠤᠨ ᠡᠭᠦᠷᠭᠡ ᠪᠠᠨ ᠪᠣᠯᠭᠠᠵᠤ᠂ ᠬᠢᠩᠭᠠᠨ ᠠᠶᠢᠮᠠᠭ ᠤᠨ ᠷᠠᠰᠢᠶᠠᠨ ᠳᠤ ᠰᠤᠷᠭᠠᠭᠤᠯᠢ ᠨᠢᠭᠡᠳᠡᠨ ᠤ ᠠᠵᠤ ᠠᠬᠤᠢ ᠶᠢᠨ ᠶᠠᠷᠢᠶᠠᠨ ᠤ ᠲᠠᠪᠴᠠᠩ ᠢ ᠡᠭᠦᠰᠭᠡᠨ ᠪᠠᠶᠢᠭᠤᠯᠵᠤ᠂ ᠦᠬᠠᠨ ᠶᠡᠭᠡ ᠰᠤᠷᠭᠠᠭᠤᠯᠢ ᠵᠢᠴᠢ ᠥᠷᠭᠡᠨ ᠤᠯᠠᠨ ᠰᠤᠷᠭᠠᠭᠤᠯᠢ ᠶᠢᠨ ᠨᠠᠶᠢᠵᠠ ᠨᠠᠷ ᠠᠵᠤ ᠠᠬᠤᠶᠢᠯᠠᠯᠲᠠᠨ ᠨᠠᠷ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠪᠡᠯᠡ ᠮᠥᠩᠭᠦ ᠤᠶᠤᠨ ᠤᠬᠠᠭᠠᠨ ᠣᠷᠣᠭᠤᠯᠵᠤ᠂ ᠠᠷᠭ᠎ᠠ ᠤᠬᠠᠭᠠᠨ ᠭᠠᠷᠭᠠᠵᠤ᠂ ᠬᠢᠩᠭᠠᠨ ᠠᠶᠢᠮᠠᠭ ᠤᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠬᠥᠭᠵᠢᠯᠲᠡ ᠳᠤ ᠬᠦᠴᠦ ᠨᠡᠮᠡᠷᠢᠯᠡᠵᠡᠢ᠃ ᠰᠤᠷᠭᠠᠭᠤᠯᠢ  ᠨᠢᠭᠡᠳᠡᠨ ᠤ ᠠᠵᠤ ᠠᠬᠤᠢ ᠭᠡᠬᠦ ᠡᠨᠡᠬᠦ ᠪᠡᠯᠡ ᠮᠥᠩᠭᠦ ᠴᠤᠭᠯᠠᠭᠤᠯᠤᠨ ᠦᠢᠯᠡᠰ ᠪᠤᠰᠬᠠᠬᠤ ᠲᠠᠪᠴᠠᠩ ᠢ ᠠᠰᠢᠭᠯᠠᠵᠤ᠂ ᠬᠢᠩᠭᠠᠨ ᠠᠶᠢᠮᠠᠭ ᠤᠨ ᠬᠢᠨ ᠦᠬᠠᠨ ᠶᠡᠭᠡ ᠰᠤᠷᠭᠠᠭᠤᠯᠢ ᠵᠢᠴᠢ ᠰᠤᠷᠭᠠᠭᠤᠯᠢ ᠶᠢᠨ ᠨᠠᠶᠢᠵᠠ ᠶᠢᠨ ᠠᠵᠤ ᠠᠬᠤᠶᠢᠯᠠᠯ ᠯᠤᠭ᠎ᠠ ᠤᠯᠠᠨ ᠤᠳᠠᠭ᠎ᠠ ᠰᠤᠷᠪᠤᠯᠵᠢᠯᠠᠵᠤ᠂ ᠨᠢᠭᠲᠠ ᠨᠡᠪᠲᠡᠷᠡᠯᠴᠡᠵᠦ᠂ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠳᠠᠰᠤᠷᠠᠯᠳᠠ ᠦᠬᠡᠢ ᠲᠡᠭᠦᠯᠳᠡᠷᠵᠢᠭᠦᠯᠵᠦ᠂ ᠬᠠᠮᠲᠤᠷᠠᠯᠴᠠᠭ᠎ᠠ ᠶᠢᠨ ᠬᠦᠷᠢᠶ᠎ᠡ ᠬᠡᠪᠴᠢᠶ᠎ᠡ ᠶᠢ ᠳᠠᠰᠤᠷᠠᠯᠳᠠ ᠦᠬᠡᠢ ᠥᠷᠭᠡᠳᠬᠡᠵᠦ᠂ ᠬᠠᠮᠲᠤᠷᠠᠯᠴᠠᠭ᠎ᠠ ᠶᠢᠨ ᠳᠡᠰ ᠳᠠᠪᠬᠤᠷᠭ᠎ᠠ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠲᠤᠰᠬᠠᠢ ᠣᠷᠣᠨ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠲᠤᠰᠬᠠᠢ ᠣᠷᠣᠨ ᠪᠠ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃ 2024 ᠣᠨ ᠤ 4 ᠰᠠᠷ᠎ᠠ ᠶᠢᠨ 7 ᠤ ᠡᠳᠦᠷ᠂ ᠦᠬᠠᠨ ᠶᠡᠭᠡ ᠰᠤᠷᠭᠠᠭᠤᠯᠢ ᠳᠤ ᠶᠠᠪᠤᠭᠳᠠᠭᠰᠠᠨ ᠤᠯᠤᠰ ᠲᠦᠷᠦ ᠶᠢᠨ ᠰᠤᠷᠭᠠᠭᠤᠯᠢ ᠶᠢᠨ ᠶᠠᠷᠢᠯᠴᠠᠬᠤ ᠬᠤᠷᠠᠯ ᠳᠡᠭᠡᠷ᠎ᠡ᠂ ᠦᠬᠠᠨ ᠶᠡᠭᠡ ᠰᠤᠷᠭᠠᠭᠤᠯᠢ ᠶᠢᠨ ᠨᠠᠮ ᠤᠨ  ᠬᠤᠷᠢᠶ᠎ᠠ ᠶᠢᠨ ᠱᠦᠵᠢ ᠬᠤᠸᠠᠩ ᠲᠠᠢ ᠶᠠᠨ ᠬᠢᠩᠭᠠᠨ ᠠᠶᠢᠮᠠᠭ ᠲᠠᠢ ᠤᠷᠳᠤ ᠬᠤᠭᠤᠴᠠᠭᠠᠨ ᠤ ᠨᠥᠬᠦᠷᠰᠡᠭ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠬᠤ ᠪᠠᠷ ᠲᠣᠭᠲᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃    ᠤᠯᠤᠰ ᠲᠥᠷᠥ ᠶᠢᠨ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠬᠢᠩᠭᠠᠨ ᠠᠶᠢᠮᠠᠭ ᠬᠢᠭᠡᠳ ᠦᠬᠠᠨ ᠶᠡᠭᠡ ᠰᠤᠷᠭᠠᠭᠤᠯᠢ ᠬᠠᠮᠲᠤᠷᠠᠯᠴᠠᠭ᠎ᠠ ᠰᠣᠯᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠶ ᠶᠢᠨ ᠴᠢᠳᠠᠪᠤᠷᠢ ᠣᠯᠭᠤᠭᠰᠠᠨ ᠭᠠᠵᠠᠷ ᠣᠷᠣᠨ ᠤ ᠬᠥᠭᠵᠢᠯᠲᠡ ᠶᠢᠨ ᠠᠮᠵᠢᠯᠲᠠ ᠲᠠᠢ ᠥᠯᠢᠭᠡᠷ ᠳᠠᠭᠤᠷᠢᠶᠠᠯ ᠢ ᠴᠢᠷᠮᠠᠶᠢᠨ ᠪᠣᠶ ᠪᠣᠯᠭᠠᠨ᠎ᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号