| ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠶᠢᠮᠠᠭ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠪᠠᠷᠢᠯᠭ᠎ᠠ ᠶᠢᠨ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ︵2023 — 2025 ᠣᠨ︶︾ ᠶᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | 2023 ᠣᠨ ᠤ 12 ᠰᠠᠷ᠎ᠠ ᠶᠢᠨ | 29 | ︵ᠲᠣᠰ ᠮᠠᠲ᠋ᠧᠷᠢᠶᠠᠯ ᠢ ᠢᠯᠡ | ᠨᠡᠶᠢᠲᠡᠯᠡᠨ᠎ᠡ︶ | | | ᠬᠢᠩᠭᠠᠨ ᠠᠶᠢᠮᠠᠭ ᠤᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭᠠᠨ ᠤ | ᠲᠥᠯᠥᠪᠯᠡᠭᠡ | ︵2023 — 2025 ᠣᠨ︶ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ 〔 2022 〕 58 ᠳ᠋ᠤᠭᠠᠷ ᠲᠣᠭᠠᠲᠤ︶ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ | ᠲᠥᠯᠥᠪᠯᠡᠭᠡ ︵2023 — 2025 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹ 2023 ︺ 52 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠮᠠᠨ ᠤ ᠠᠶᠢᠮᠠᠭ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯᠯᠠᠭᠠᠨ ᠤ ᠲᠥᠯᠥᠪᠯᠡᠭᠡ ᠶᠢ ᠲᠤᠭᠳᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠦ ᠂ ᠠᠶᠢᠮᠠᠭ ᠤᠨ ᠳᠣᠲᠣᠷᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ | ᠰᠢᠯᠢᠳᠡᠭᠵᠢᠨ ᠬᠦᠴᠦᠷᠬᠡᠭᠵᠢᠬᠦ ᠶᠢ ᠤᠯᠠᠮ ᠨᠢᠭᠡ ᠠᠯᠬᠤᠮ ᠳᠡᠮᠵᠢᠵᠦ᠂ ᠶᠠᠰᠤ ᠴᠢᠨᠠᠷ ᠢ ᠴᠢᠩᠭᠠᠷᠠᠭᠤᠯᠤᠨ ᠶᠠᠰᠤ | ᠴᠢᠨᠠᠷ ᠢ ᠳᠡᠭᠡᠭᠰᠢᠯᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠣᠷᠣᠨ ᠪᠠᠶᠢᠷᠢ ᠶᠢ | ᠳᠡᠭᠡᠭᠰᠢᠯᠡᠭᠦᠯᠦᠨ ᠲᠠᠰ ᠳᠡᠪᠰᠢᠭᠦᠯᠵᠦ᠂ ᠪᠠᠷᠢᠯᠭ᠎ᠠ ᠶᠢᠨ ᠦᠢᠯᠡᠰ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥᠯ ᠬᠤᠪᠢᠶᠠᠨ ᠵᠢᠯᠣᠭᠤᠳᠴᠤ᠂ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠣᠯᠠᠰᠢᠷᠠᠬᠤ | ᠂ ᠶᠡᠬᠡᠳᠬᠦ᠂ ᠬᠦᠴᠦᠷᠬᠡᠭᠵᠢᠬᠦ ᠶᠢ ᠲᠡᠳᠬᠦᠨ ᠳᠡᠮᠵᠢᠵᠦ᠂ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ ᠰᠠᠬᠢᠬᠤ | ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠵᠤ᠂ ᠠᠶᠢᠮᠠᠭ ᠤᠨ ᠭᠠᠳᠠᠨᠠᠬᠢ ᠴᠢᠨᠠᠷ | ᠰᠠᠶᠢᠲᠠᠶ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠲᠡᠳᠡᠨ ᠠᠪᠴᠢᠷᠠᠵᠤ᠂ ᠮᠠᠨ ᠤ ᠠᠶᠢᠮᠠᠭ ᠤᠨ | ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠬᠤᠶᠠᠷ᠂ ᠬᠥᠭᠵᠢᠯᠲᠡ ᠶᠢᠨ ᠬᠠᠷᠠᠯᠲᠠ | 2023 ᠣᠨ ᠤ ᠰᠡᠭᠦᠯᠴᠢ ᠪᠣᠯᠲᠠᠯ᠎ᠠ᠂ ᠠᠶᠢᠮᠠᠭ ᠤᠨ ᠳᠣᠲᠣᠷᠠᠬᠢ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠤᠨ ᠦᠢᠯᠡᠳᠭᠦᠨ ᠤ ᠶᠡᠷᠦᠩᠬᠡᠶ ᠥᠷᠲᠡᠭ ᠢ 60 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ | ᠴᠢᠷᠮᠠᠶᠢᠨ᠎ᠠ︔ 2024 ᠣᠨ ᠤ ᠰᠡᠭᠦᠯᠴᠢ ᠪᠣᠯᠬᠤ ᠳᠤ᠂ ᠠᠶᠢᠮᠠᠭ ᠤᠨ ᠳᠣᠲᠣᠷᠠᠬᠢ ᠪᠠᠷᠢᠯᠭ᠎ᠠ ᠶᠢᠨ ᠦᠢᠯᠡᠰ ᠤᠨ | ᠶᠡᠷᠦᠩᠬᠡᠶ ᠥᠷᠲᠡᠭ ᠢ 65 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ︔ 2025 ᠣᠨ ᠤ | ᠰᠡᠭᠦᠯᠴᠢ ᠪᠣᠯᠲᠠᠯ᠎ᠠ᠂ ᠠᠶᠢᠮᠠᠭ ᠤᠨ ᠳᠣᠲᠣᠷᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠦᠢᠯᠡᠳᠭᠦᠨ ᠤ | ᠶᠡᠷᠦᠩᠬᠡᠶ ᠥᠷᠲᠡᠭ ᠢ 70 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ᠂ ᠣᠨᠴᠠ ᠲᠠᠰ ᠤᠨ ᠬᠢᠷᠢ | ᠬᠡᠮ ᠲᠠᠢ ᠠᠵᠤ ᠠᠬᠤᠶᠢᠯᠠᠯ 1᠂ ᠨᠢᠭᠡᠳᠦᠭᠡᠷ ᠳᠡᠰ ᠤᠨ ᠬᠢᠷᠢ ᠬᠡᠮ ᠲᠠᠢ ᠠᠵᠤ ᠠᠬᠤᠶᠢᠯᠠᠯ 1᠂ ᠬᠤᠶᠠᠳᠤᠭᠠᠷ | ᠳᠡᠰ ᠤᠨ ᠬᠢᠷᠢ ᠬᠡᠮ ᠲᠠᠢ ᠠᠵᠤ ᠠᠬᠤᠶᠢᠯᠠᠯ 10 ᠰᠢᠨ᠎ᠡ ᠪᠠᠷ ᠨᠡᠮᠡᠭᠳᠡᠭᠦᠯᠦᠨ᠎ᠡ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠠᠶᠢᠮᠠᠭ ᠤᠨ ᠳᠣᠲᠣᠷᠠᠬᠢ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠨ᠎ᠡ | 1. ᠬᠥᠲᠥᠴᠢ ᠨᠢᠷᠤᠭᠤᠪᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ︽ᠪᠠᠷᠢᠯᠭ᠎ᠠ ᠪᠠᠷ ᠠᠵᠤ ᠠᠬᠤᠶᠢᠯᠠᠯ ᠢ | ᠬᠦᠴᠦᠷᠬᠡᠭᠵᠢᠭᠦᠯᠦᠨ ᠪᠤᠶᠢᠵᠢᠭᠤᠯᠬᠤ ᠠᠵᠢᠯᠯᠠᠭ᠎ᠠ︾ ᠶᠢ ᠥᠷᠨᠢᠭᠦᠯᠵᠦ᠂ ᠭᠤᠤᠯᠳᠠᠯᠭ᠎ᠠ ᠲᠠᠢ ᠲᠡᠳᠬᠦᠬᠦ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠂ ᠨᠢᠭᠡ ᠪᠦᠯᠦᠭ ᠵᠣᠬᠢᠬᠤ | ᠬᠡᠪᠴᠢᠶ᠎ᠡ ᠲᠠᠢ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ᠂ ᠬᠥᠭᠵᠢᠯᠲᠡ ᠶᠢᠨ ᠢᠷᠡᠭᠡᠳᠦᠶ ᠲᠠᠢ | ᠲᠣᠰ ᠭᠠᠵᠠᠷ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠲᠣᠭᠲᠠᠭᠠᠨ ᠪᠤᠶᠢᠵᠢᠭᠤᠯᠤᠨ ᠬᠥᠭᠵᠢᠭᠦᠯᠵᠦ᠂ | ᠠᠵᠤ ᠠᠬᠤᠶᠢᠯᠠᠯ ᠤᠨ ᠪᠣᠳᠠᠲᠤ ᠬᠦᠴᠦᠨ ᠢ ᠳᠡᠭᠡᠭᠰᠢᠯᠡᠭᠦᠯᠦᠨ᠂ ᠠᠶᠢᠮᠠᠭ ᠤᠨ ᠳᠣᠲᠣᠷᠠᠬᠢ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠤᠨ ᠪᠦᠯᠦᠭᠯᠡᠯ ᠢ ᠪᠣᠶ ᠠᠶᠢᠮᠠᠭ ᠤᠨ ᠳᠣᠲᠣᠷᠠᠬᠢ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠳᠠᠬᠢᠨ ᠵᠣᠬᠢᠶᠠᠨ ᠪᠠᠶᠢᠭᠤᠯᠬᠤ᠂ ᠬᠢᠷᠢ ᠬᠡᠮ ᠢ ᠲᠠᠰ ᠳᠡᠪᠰᠢᠭᠦᠯᠦᠨ | ᠲᠥᠷᠥᠯ ᠵᠦᠢᠯ ᠢ ᠨᠡᠮᠡᠭᠳᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ᠂ | ᠢᠲᠡᠭᠡᠮᠵᠢ ᠶᠢ ᠬᠤᠯᠪᠣᠬᠤ᠂ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠪᠠᠷ ᠳᠠᠮᠵᠢᠭᠤᠯᠤᠨ᠂ ᠬᠡᠪᠴᠢᠶ᠎ᠡ ᠶᠢ | ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠬᠢᠩᠭᠠᠨ︾ ᠤ | ᠨᠠᠷᠠᠲᠤ ᠲᠥᠷᠥᠯ ᠲᠡᠮᠳᠡᠭᠲᠦ ᠶᠢᠨ ᠲᠣᠮᠣ ᠬᠡᠯᠪᠡᠷᠢ ᠶᠢᠨ ᠺᠣᠮᠫᠠᠨᠢ ᠶᠢᠨ ᠲᠣᠮᠣ ᠬᠡᠯᠪᠡᠷᠢ ᠶᠢᠨ ᠢᠨᠵᠧᠨᠧᠷᠢᠩ ᠤᠨ | ᠲᠥᠷᠥᠯ ᠵᠦᠢᠯ ᠢ ᠳᠠᠭᠠᠭᠠᠨ ᠠᠪᠴᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ | ᠳᠠᠭᠠᠭᠤᠯᠤᠨ᠎ᠠ᠃ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢ | ᠠᠬᠢᠭᠤᠯᠵᠤ᠂ ᠶᠡᠷᠦᠩᠬᠡᠶ ᠳᠠᠭᠠᠭᠠᠴᠢᠯᠠᠭᠰᠠᠨ ᠲᠥᠷᠥᠯ ᠵᠦᠢᠯ ᠢ ᠬᠤᠪᠢᠶᠠᠨ ᠳᠠᠭᠠᠭᠠᠴᠢᠯᠠᠭᠰᠠᠨ ᠪᠤᠶᠤ | ᠳᠠᠭᠠᠭᠠᠴᠢᠯᠠᠯᠲᠠ ᠵᠠᠷᠯᠠᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠥᠬᠡᠶ ᠪᠠᠷᠢᠯᠭ᠎ᠠ ᠶᠢ ᠪᠣᠯ᠂ ᠳᠤᠮᠳᠠ ᠵᠢᠵᠢᠭ | ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠭᠤᠯᠬᠤ ᠶᠢ | ᠵᠣᠷᠢᠭᠵᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ | ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠩᠬ᠎ᠠ ᠤᠳᠠᠭ᠎ᠠ ᠶᠢᠨ ︽ᠪᠠᠭ᠎ᠠ ᠬᠡᠪᠴᠢᠶ᠎ᠡ ᠪᠠᠷ ᠲᠦᠷᠢᠮ | ᠲᠣᠭᠲᠠᠭᠠᠯ ᠳᠡᠪᠰᠢᠭᠦᠯᠬᠦ︾ ᠠᠵᠤ ᠠᠬᠤᠶᠢᠯᠠᠯ ᠤᠨ ᠨᠢᠭᠡ ᠤᠳᠠᠭ᠎ᠠ ᠶᠢᠨ ᠴᠢᠨᠠᠷᠲᠠᠶ ᠪᠠᠷ ᠱᠠᠩᠨᠠᠵᠤ ᠨᠥᠬᠦᠪᠥᠷᠢᠯᠡᠬᠦ | ᠪᠠᠯᠠ ᠮᠥᠩᠭᠦ ᠶᠢᠨ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠨᠥᠬᠦᠴᠡᠯ ᠳᠤ ᠨᠡᠶᠢᠴᠡᠬᠦ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ ᠳᠤ ᠱᠠᠩᠨᠠᠵᠤ ᠨᠥᠬᠦᠪᠥᠷᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ ᠄ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠲᠡᠷᠢᠭᠦᠨ ᠳᠤ ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ ᠪᠣᠯᠤᠨ᠎ᠠ᠂ ᠳᠣᠷᠣᠭᠰᠢ ᠠᠳᠠᠯᠢ︶ | 2. ᠠᠵᠤ ᠠᠬᠤᠶᠢᠯᠠᠯ ᠤᠨ ᠬᠢᠷᠢ ᠬᠡᠮ ᠢᠶᠠᠨ ᠳᠡᠪᠰᠢᠭᠦᠯᠬᠦ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠦᠢᠯᠡᠰ ᠤᠨ | ᠠᠵᠤ ᠠᠬᠤᠶᠢᠯᠠᠯ ᠤᠨ ᠬᠢᠷᠢ ᠬᠡᠮ ᠢ ᠭᠤᠶᠤᠴᠢᠯᠠᠨ ᠮᠡᠳᠡᠭᠦᠯᠬᠦ ᠵᠦᠢᠯᠡᠰ ᠤᠨ ︽ᠨᠢᠭᠡ ᠠᠵᠤ ᠠᠬᠤᠶᠢᠯᠠᠯ ᠳᠤ ᠨᠢᠭᠡ | ᠠᠷᠭ᠎ᠠ ᠪᠣᠳᠣᠯᠭ᠎ᠠ︾ ᠶᠢᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠢᠷᠢ ᠬᠡᠮ ᠢ ᠲᠠᠰ | ᠳᠡᠪᠰᠢᠭᠦᠯᠵᠦ ᠲᠥᠷᠥᠯ ᠵᠦᠢᠯ ᠢ ᠨᠡᠮᠡᠭᠳᠡᠭᠦᠯᠬᠦ ᠶᠢ ᠵᠢᠯᠣᠭᠤᠳᠤᠨ ᠬᠠᠪᠰᠤᠷᠬᠤ ᠶᠢ ᠴᠢᠩᠭᠠᠳᠬᠠᠨ᠎ᠠ ᠬᠢᠷᠢ ᠴᠢᠳᠠᠮᠵᠢ | ᠭᠤᠶᠤᠴᠢᠯᠠᠨ ᠮᠡᠳᠡᠭᠦᠯᠬᠦ ᠶᠢᠨ ᠡᠬᠢᠯᠡᠯᠲᠡ ᠶᠢᠨ ᠲᠠᠰ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ ᠬᠠᠤᠯᠢ ᠶᠢᠨ | ᠡᠷᠬᠡᠲᠡᠨ ᠤ ᠬᠢᠷᠢ ᠬᠡᠮ ᠲᠠᠢ ᠠᠵᠤ ᠠᠬᠤᠶᠢᠯᠠᠯ ᠨᠢ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ᠂ ᠲᠤᠰᠬᠠᠶ | ᠮᠡᠷᠭᠡᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ᠤᠨ ᠬᠢᠷᠢ ᠴᠢᠳᠠᠮᠵᠢ ᠶᠢ ᠰᠢᠭᠤᠳ ᠭᠤᠶᠤᠴᠢᠯᠠᠵᠤ ᠪᠣᠯᠤᠨ᠎ᠠ | ᠃ ᠨᠢᠭᠡᠨᠲᠡ ᠪᠠᠷᠢᠯᠭ᠎ᠠ ᠪᠠᠷᠢᠬᠤ ᠶᠢᠨ ᠶᠡᠷᠦᠩᠬᠡᠶ ᠳᠠᠭᠠᠭᠠᠴᠢᠯᠠᠬᠤ ᠬᠢᠷᠢ ᠬᠡᠮ ᠢ ᠣᠯᠤᠭᠰᠠᠨ᠂ ᠠᠳᠠᠯᠢ ᠲᠠᠰ ᠤᠨ | ᠲᠤᠰᠬᠠᠶ ᠮᠡᠷᠭᠡᠵᠢᠯ ᠤᠨ ᠳᠠᠭᠠᠭᠠᠴᠢᠯᠠᠬᠤ ᠬᠢᠷᠢ ᠬᠡᠮ ᠤᠨ ᠨᠥᠬᠦᠴᠡᠯ ᠤᠨ ᠱᠠᠭᠠᠷᠳᠠᠯᠭ᠎ᠠ ᠶᠢ ᠬᠠᠩᠭᠠᠭᠰᠠᠨ ᠠᠵᠤ | ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠡᠷᠬᠡ ᠮᠡᠳᠡᠯ ᠤᠨ ᠬᠡᠪᠴᠢᠶᠡᠨ ᠳᠠᠬᠢ ᠬᠠᠷᠠᠭᠠᠯᠵᠠᠭᠰᠠᠨ ᠶᠡᠷᠦᠩᠬᠡᠶ | ᠳᠠᠭᠠᠭᠠᠴᠢᠯᠠᠯᠲᠠ ᠪᠠᠷ ᠬᠠᠮᠤᠷᠬᠤ ᠠᠳᠠᠯᠢ ᠲᠠᠰ ᠤᠨ ᠲᠤᠰᠬᠠᠶ ᠮᠡᠷᠭᠡᠵᠢᠯ ᠤᠨ ᠳᠠᠭᠠᠭᠠᠴᠢᠯᠠᠬᠤ ᠬᠢᠷᠢ ᠬᠡᠮ ᠢ ᠰᠢᠭᠤᠳ | ᠭᠤᠶᠤᠴᠢᠯᠠᠵᠤ ᠪᠣᠯᠤᠨ᠎ᠠ᠃ ᠠᠵᠤ ᠠᠬᠤᠶᠢᠯᠠᠯ ᠨᠢ ᠪᠠᠷᠢᠯᠭ᠎ᠠ ᠶᠢᠨ ᠠᠵᠢᠯ᠂ ᠬᠤᠲᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠪᠠᠷᠢᠯᠭ᠎ᠠ ᠶᠢᠨ ᠠᠵᠢᠯ ᠤᠨ ᠶᠡᠷᠦᠩᠬᠡᠶ ᠳᠠᠭᠠᠭᠠᠴᠢᠯᠠᠬᠤ ᠬᠢᠷᠢ ᠬᠡᠮ ᠢ ᠭᠤᠶᠤᠴᠢᠯᠠᠬᠤ ᠳᠤ᠂ ᠮᠡᠳᠡᠭᠳᠡᠵᠦ | ᠠᠮᠠᠯᠠᠭᠤᠯᠬᠤ ᠲᠦᠷᠢᠮ ᠤᠨ ᠠᠷᠭ᠎ᠠ ᠮᠠᠶ᠋ᠢᠭ ᠢ ᠠᠪᠴᠤ᠂ ᠲᠡᠷᠡ ᠳᠠᠷᠤᠶ ᠳᠤᠨᠢ ᠮᠡᠳᠡᠭᠦᠯᠵᠦ ᠲᠡᠷᠡ ᠳᠠᠷᠤᠶ ᠳᠤᠨᠢ | ᠭᠦᠢᠴᠡᠳᠭᠡᠬᠦ ᠶᠢ ᠬᠡᠷᠡᠭᠵᠢᠭᠦᠯᠵᠦ ᠪᠣᠯᠤᠨ᠎ᠠ᠃ ᠬᠢᠷᠢ ᠬᠡᠮ ᠮᠡᠳᠡᠭᠦᠯᠬᠦ ᠨᠥᠬᠦᠴᠡᠯ ᠢ ᠰᠢᠯᠢᠳᠡᠭᠵᠢᠭᠦᠯᠵᠦ᠂ | ᠳᠠᠩᠰᠠᠯᠠᠭᠤᠯᠤᠭᠰᠠᠨ ᠪᠥᠲᠥᠭᠡᠨ ᠪᠠᠶᠢᠭᠤᠯᠤᠭᠴᠢ ᠶᠢᠨ ᠨᠠᠰᠤ ᠶᠢ ᠵᠣᠬᠢᠬᠤ ᠬᠡᠮᠵᠢᠶ᠎ᠡ ᠪᠠᠷ ᠪᠦᠬᠦᠯᠢ 65 ᠨᠠᠰᠤ | ᠬᠦᠷᠲᠡᠯ᠎ᠡ ᠤᠷᠲᠤᠳᠬᠠᠵᠤ ᠪᠣᠯᠬᠤ ᠮᠥᠷᠲᠡᠭᠡᠨ ᠬᠥᠮᠦᠨ ᠤ ᠲᠤᠭ᠎ᠠ ᠶᠢ ᠳᠠᠩᠰᠠᠯᠠᠭᠤᠯᠤᠭᠰᠠᠨ ᠪᠥᠲᠥᠭᠡᠨ | ᠪᠠᠶᠢᠭᠤᠯᠤᠭᠴᠢ ᠶᠢᠨ ᠪᠥᠬᠦ ᠲᠣᠭᠠᠨ ᠤ 1/3 ᠠᠴᠠ ᠬᠡᠲᠦᠷᠡᠭᠦᠯᠵᠦ ᠪᠣᠯᠬᠤ ᠥᠬᠡᠶ᠃ ᠬᠢᠷᠢ ᠴᠢᠳᠠᠮᠵᠢ ᠭᠤᠶᠤᠴᠢᠯᠠᠨ | ᠮᠡᠳᠡᠭᠦᠯᠦᠭᠰᠡᠨ ᠠᠵᠢᠯ ᠤᠨ ᠠᠮᠵᠢᠯᠲᠠ ᠪᠦᠲᠦᠮᠵᠢ ᠶᠢ ᠮᠠᠭᠠᠳᠯᠠᠨ ᠲᠣᠭᠲᠠᠭᠠᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ | ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯ ᠤᠨ ᠠᠮᠵᠢᠯᠲᠠ ᠪᠦᠲᠦᠮᠵᠢ ᠶᠢ ᠬᠠᠷᠭᠤᠭᠤᠯᠤᠨ | ᠪᠠᠶᠢᠴᠠᠭᠠᠬᠤ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠪᠥᠬᠦ ᠤᠯᠤᠰ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠡᠭᠡᠷᠡᠬᠢ ᠦᠨᠳᠦᠰᠦᠨ ᠮᠡᠳᠡᠭᠡ | ᠵᠠᠩᠭᠢ ᠳᠤ ︽A︾ ᠲᠠᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠭᠤᠳ ᠬᠢᠷᠢ ᠴᠢᠳᠠᠮᠵᠢ ᠶᠢ ᠲᠠᠰ | ᠳᠡᠪᠰᠢᠭᠦᠯᠬᠦ ᠳᠤ ᠬᠡᠷᠡᠭᠯᠡᠵᠦ᠂ ᠠᠵᠢᠯ ᠤᠨ ᠠᠮᠵᠢᠯᠲᠠ ᠪᠦᠲᠦᠮᠵᠢ ᠶᠢ ᠳᠠᠭᠢᠵᠤ ᠬᠢᠨᠠᠨ ᠬᠠᠷᠭᠤᠭᠤᠯᠬᠤ ᠥᠬᠡᠶ ᠪᠠᠶᠢᠵᠤ | ᠂ ᠲᠠᠪᠴᠠᠩ ᠤᠨ ᠪᠠᠶᠢᠴᠠᠭᠠᠨ ᠯᠠᠪᠯᠠᠬᠤ ᠶᠢᠨ ᠠᠷᠭ᠎ᠠ ᠥᠬᠡᠶ ᠠᠵᠢᠯ ᠤᠨ ᠠᠮᠵᠢᠯᠲᠠ ᠪᠦᠲᠦᠮᠵᠢ ᠪᠤᠶᠤ ᠮᠡᠷᠭᠡᠵᠢᠯ ᠤᠨ | ᠭᠦᠶ᠋ᠴᠡᠳᠬᠡᠯ ᠲᠤᠭ᠎ᠠ ᠶᠢ ᠰᠦᠯᠵᠢᠶᠡᠨ ᠠᠴᠠ ᠭᠠᠳᠠᠭᠤᠷᠬᠢ ᠬᠠᠷᠭᠤᠭᠤᠯᠤᠨ ᠪᠠᠶᠢᠴᠠᠭᠠᠬᠤ ᠳᠤ ᠣᠷᠣᠭᠤᠯᠤᠨ᠎ᠠ᠃ | ᠪᠠᠷᠢᠯᠭ᠎ᠠ ᠶᠢᠨ ᠪᠤᠰᠤ ᠠᠵᠤ ᠠᠬᠤᠶᠢᠯᠠᠯ ᠤᠨ ᠰᠢᠯᠲᠠᠭᠠᠨ ᠠᠴᠠ ᠪᠣᠯᠵᠣ ᠪᠠᠷᠢᠯᠭ᠎ᠠ ᠳᠠᠭᠤᠰᠤᠭᠰᠠᠨ ᠢ ᠳᠠᠩᠰᠠᠯᠠᠭᠤᠯᠬᠤ | ᠮᠠᠲ᠋ᠧᠷᠢᠶᠠᠯ ᠢ ᠲᠦᠷ ᠬᠠᠩᠭᠠᠬᠤ ᠶᠢᠨ ᠠᠷᠭ᠎ᠠ ᠥᠬᠡᠶ ᠪᠣᠯ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠷᠠᠳ ᠤᠨ | ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠦᠨᠡᠮᠰᠢᠭᠦᠯᠵᠦ᠂ ᠬᠦᠴᠦᠨ ᠪᠥᠬᠦᠶ ᠠᠵᠢᠯ ᠤᠨ | ᠪᠦᠲᠦᠮᠵᠢ ᠪᠠᠷ ᠦᠨᠡᠮᠰᠢᠭᠦᠯᠵᠦ ᠪᠣᠯᠤᠨ᠎ᠠ ᠠᠵᠤ ᠠᠬᠤᠶᠢᠯᠠᠯ ᠨᠢ ᠵᠠᠰᠠᠮᠠᠯ ᠵᠠᠮ ᠤᠨ ᠪᠠᠷᠢᠯᠭ᠎ᠠ ᠪᠤᠶᠤ ᠬᠤᠲᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠬᠤ ᠬᠢᠷᠢ ᠬᠡᠮ ᠢ ᠭᠤᠶᠤᠴᠢᠯᠠᠭᠰᠠᠨ | ᠪᠠᠶᠢᠪᠠᠯ᠂ ᠬᠤᠲᠠ ᠶᠢᠨ ᠶᠠᠪᠤᠳᠠᠯ ᠤᠨ ᠵᠠᠮ ︵ᠬᠥᠭᠦᠷᠭᠡ︶ ᠤᠨ ᠠᠵᠢᠯ ᠤᠨ ᠠᠮᠵᠢᠯᠲᠠ ᠪᠦᠲᠦᠮᠵᠢ ᠬᠢᠭᠡᠳ ᠵᠠᠰᠠᠮᠠᠯ | ᠵᠠᠮ ᠤᠨ ᠪᠠᠷᠢᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠬᠠᠷᠢᠯᠴᠠᠨ ᠮᠡᠳᠡᠷᠡᠨ᠎ᠡ᠃ ᠠᠵᠢᠯ ᠤᠨ ᠪᠦᠲᠦᠮᠵᠢ ᠶᠢ | ᠬᠢᠨᠠᠨ ᠬᠠᠷᠭᠤᠭᠤᠯᠬᠤ ᠶᠢᠨ ᠠᠷᠭ᠎ᠠ ᠦᠭᠡᠢ ᠪᠠᠶᠢᠳᠠᠯ ᠳᠣᠣᠷ᠎ᠠ᠂ ᠠᠵᠤ ᠠᠬᠤᠶᠢᠯᠠᠯ ᠤᠨ ᠬᠠᠩᠭᠠᠭᠰᠠᠨ ᠦᠷᠳᠡᠭ | ᠨᠡᠮᠡᠭᠳᠡᠯ ᠤᠨ ᠭᠠᠶᠢᠯᠢ ᠶᠢᠨ ᠪᠠᠷᠢᠮᠲᠠ ᠵᠡᠷᠭᠡ ᠭᠡᠷᠡᠴᠢ ᠮᠠᠲ᠋ᠧᠷᠢᠶᠠᠯ ᠨᠢ ᠠᠵᠢᠯ ᠤᠨ ᠪᠦᠲᠦᠮᠵᠢ ᠶᠢᠨ ᠦᠨᠡᠨ ᠪᠣᠳᠠᠲᠠᠶ | ᠪᠠᠶᠢᠬᠤ ᠶᠢ ᠭᠡᠷᠡᠴᠢᠯᠡᠵᠦ ᠳᠡᠶᠢᠯᠬᠦ ᠮᠥᠷᠲᠡᠭᠡᠨ ᠭᠦᠢᠴᠡᠳᠬᠡᠬᠦ ᠲᠤᠭ᠎ᠠ ᠨᠢ ᠪᠠᠷᠢᠮᠵᠢᠶ᠎ᠠ ᠶᠢᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠪᠠᠯ᠂ ᠬᠦᠴᠦᠨ ᠪᠦᠬᠦᠢ ᠠᠵᠢᠯ ᠤᠨ ᠪᠦᠲᠦᠮᠵᠢ ᠪᠠᠷ ᠮᠠᠭᠠᠳᠯᠠᠨ ᠲᠣᠭᠲᠠᠭᠠᠵᠤ ᠪᠣᠯᠤᠨ᠎ᠠ᠃ | ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠢᠴᠢ ᠲᠣᠮᠣ ᠬᠡᠯᠪᠡᠷᠢ ᠶᠢᠨ | ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠮᠠᠨ ᠤ ᠠᠶᠢᠮᠠᠭ ᠲᠤ ᠪᠠᠶᠢᠭᠤᠯᠤᠭᠰᠠᠨ | ᠪᠠᠯᠠ ᠮᠥᠩᠭᠦ ᠶᠢᠨ ᠬᠠᠷᠢᠴᠠᠯ ᠨᠢ 50% ᠠᠴᠠ ᠳᠤᠲᠠᠭᠤ ᠥᠬᠡᠶ ᠬᠤᠪᠢᠶᠠᠷᠢ ᠺᠣᠮᠫᠠᠨᠢ ᠶᠢᠨ ᠬᠢᠷᠢ ᠬᠡᠮ ᠢ | ᠭᠤᠶᠤᠴᠢᠯᠠᠬᠤ ᠦᠶ᠎ᠡ ᠳᠤ᠂ ᠲᠣᠰ ᠠᠵᠤ ᠠᠬᠤᠶᠢᠯᠠᠯ ᠤᠨ ᠪᠠᠶᠢᠭᠤᠯᠤᠭᠴᠢ ᠶᠢᠨ ᠡᠬᠡ ᠺᠣᠮᠫᠠᠨᠢ ᠶᠢᠨ | ᠬᠤᠭᠤᠴᠠᠭᠠᠨ ᠳᠤ ᠡᠷᠭᠢᠯᠡᠨ ᠪᠡᠶᠡᠯᠡᠭᠦᠯᠦᠭᠰᠡᠨ ᠠᠵᠢᠯ ᠤᠨ ᠪᠦᠲᠦᠮᠵᠢ ᠶᠢ ᠵᠠᠯᠭᠠᠮᠵᠢᠯᠠᠨ ᠬᠡᠷᠡᠭᠯᠡᠵᠦ ᠪᠣᠯᠤᠨ᠎ᠠ᠃ | ᠠᠶᠢᠮᠠᠭ ᠤᠨ ᠳᠣᠲᠣᠷ᠎ᠠ ᠪᠠᠨ ᠪᠠᠷᠢᠯᠭ᠎ᠠ ᠪᠠᠷᠢᠬᠤ ᠶᠡᠷᠦᠩᠬᠡᠶ ᠳᠠᠭᠠᠭᠠᠴᠢᠯᠠᠭᠰᠠᠨ ᠣᠨᠴᠠ ᠲᠠᠰ ᠤᠨ ᠬᠢᠷᠢ ᠴᠢᠳᠠᠮᠵᠢ ᠲᠠᠢ | ᠠᠵᠤ ᠠᠬᠤᠶᠢᠯᠠᠯ ᠢ ᠳᠡᠪᠰᠢᠭᠦᠯᠪᠡᠯ᠂ ᠨᠢᠭᠡ ᠤᠳᠠᠭ᠎ᠠ ᠶᠢᠨ ᠴᠢᠨᠠᠷᠲᠠᠶ ᠪᠠᠷ 200 ᠲᠦᠮᠡᠨ ᠲᠥᠭᠦᠷᠢᠭ ᠢᠶᠠᠷ ᠱᠠᠩᠨᠠᠨ᠎ᠠ | ᠃ ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | 3. ᠠᠵᠤ ᠠᠬᠤᠶᠢᠯᠠᠯ ᠤᠨ ᠭᠠᠳᠠᠷ ᠣᠷᠣᠨ ᠤ ᠵᠠᠬ᠎ᠠ ᠳᠡᠯᠭᠡᠭᠦᠷ ᠨᠡᠭᠡᠭᠡᠬᠦ ᠶᠢ ᠵᠣᠷᠢᠭᠵᠢᠭᠤᠯᠤᠨ᠎ᠠ᠃ ᠠᠶᠢᠮᠠᠭ ᠤᠨ | ᠳᠣᠲᠣᠷᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠢᠮᠠᠭ ᠤᠨ ᠭᠠᠳᠠᠨᠠᠬᠢ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠵᠦ᠂ ︽ᠭᠠᠳᠠᠭᠰᠢ ᠭᠠᠷᠤᠭᠰᠠᠨ︾ ᠪᠠᠷᠢᠯᠭ᠎ᠠ ᠶᠢᠨ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠬᠤᠯᠪᠣᠭᠠᠯᠠᠵᠤ ᠪᠦᠯᠬᠦᠮᠳᠡᠭᠦᠯᠦᠨ ᠬᠥᠭᠵᠢᠭᠦᠯᠦᠨ᠎ᠡ᠃ ᠲᠣᠰ | ᠭᠠᠵᠠᠷ ᠣᠷᠣᠨ ᠤ ᠠᠵᠤ ᠠᠬᠤᠶᠢᠯᠠᠯ ᠤᠨ ᠭᠠᠳᠠᠭᠰᠢ ᠭᠠᠷᠬᠤ ᠳᠤ ᠢᠳᠡᠪᠬᠢᠲᠡᠶ ᠪᠠᠷ ᠲᠠᠪᠴᠠᠩ ᠪᠠᠶᠢᠭᠤᠯᠤᠨ ᠥᠭᠴᠦ᠂ | ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ᠂ ᠮᠡᠷᠭᠡᠵᠢᠯ ᠤᠨ ᠬᠠᠮᠵᠢᠯᠴᠠᠭ᠎ᠠ ᠬᠢᠬᠦ ᠵᠡᠷᠭᠡ ᠠᠷᠭ᠎ᠠ | ᠮᠠᠶ᠋ᠢᠭ ᠢ ᠬᠡᠷᠡᠭᠯᠡᠨ ᠣᠷᠣᠨ ᠤ ᠭᠠᠳᠠᠨᠠᠬᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠲᠣᠰ | ᠭᠠᠵᠠᠷ ᠣᠷᠣᠨ ᠤ ᠠᠵᠤ ᠠᠬᠤᠶᠢᠯᠠᠯ ᠬᠢᠭᠡᠳ ᠣᠷᠣᠨ ᠤ ᠭᠠᠳᠠᠨᠠᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠠᠬᠢᠭᠤᠯᠤᠨ᠎ᠠ᠃ ᠠᠶᠢᠮᠠᠭ ᠤᠨ ᠭᠠᠳᠠᠨ᠎ᠠ ᠳᠠᠭᠠᠭᠠᠴᠢᠯᠠᠭᠰᠠᠨ ᠪᠠᠷᠢᠯᠭ᠎ᠠ ᠶᠢᠨ ᠣᠨ ᠦᠦᠢᠯᠡᠳᠬᠦᠨ ᠤ ᠦᠷᠳᠡᠭ ᠨᠢ | 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠭ᠎ᠠ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠳᠠᠭᠠᠨ ᠬᠤᠪᠢ ᠨᠡᠮᠡᠬᠦ ᠵᠦᠢᠯ | ᠲᠣᠬᠢᠷᠠᠭᠤᠯᠵᠤ ᠪᠣᠯᠤᠨ᠎ᠠ᠂ ᠡᠯ᠎ᠡ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠥᠬᠦᠴᠡᠯ ᠳᠤ ᠨᠡᠶᠢᠴᠡᠬᠦ ᠪᠠᠷᠢᠯᠭ᠎ᠠ | ᠶᠢᠨ ᠦᠢᠯᠡᠰ ᠤᠨ ᠠᠵᠤ ᠠᠬᠤᠶᠢᠯᠠᠯ ᠢ ᠱᠠᠩᠨᠠᠵᠤ ᠨᠥᠬᠦᠪᠥᠷᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ ᠄ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠪᠦᠰᠡ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠬᠤᠶᠠᠷ︶ ᠠᠶᠢᠮᠠᠭ ᠤᠨ ᠭᠠᠳᠠᠨᠠᠬᠢ ᠠᠵᠤ ᠠᠬᠤᠶᠢᠯᠠᠯ ᠤᠨ ᠰᠠᠭᠤᠷᠢᠰᠢᠨ ᠰᠠᠭᠤᠷᠢᠰᠢᠬᠤ ᠶᠢ ᠠᠬᠢᠭᠤᠯᠤᠨ᠎ᠠ | 4. ᠭᠠᠳᠠᠷ ᠣᠷᠣᠨ ᠤ ᠠᠵᠤ ᠠᠬᠤᠶᠢᠯᠠᠯ ᠤᠨ ᠨᠡᠭᠦᠵᠦ ᠣᠷᠣᠬᠤ ᠶᠢ ᠵᠣᠷᠢᠭᠵᠢᠭᠤᠯᠤᠨ ᠳᠡᠮᠵᠢᠨ᠎ᠡ᠃ | ᠭᠤᠣᠯᠳᠠᠯᠭ᠎ᠠ ᠲᠠᠢ ᠭᠠᠵᠠᠷ ᠣᠷᠣᠨ ᠪᠣᠯᠤᠨ ᠪᠣᠳᠠᠲᠤ ᠬᠦᠴᠦᠨ ᠤ ᠠᠵᠤ ᠠᠬᠤᠶᠢᠯᠠᠯ ᠢ ᠴᠢᠩᠭ᠎ᠠ ᠠᠩᠬᠠᠷᠴᠤ᠂ ᠪᠠᠯᠠ | ᠣᠷᠣᠭᠤᠯᠵᠤ ᠪᠠᠯᠠ ᠳᠣᠭᠢᠷᠠᠭᠤᠯᠬᠤ ᠴᠢᠳᠠᠪᠤᠷᠢ ᠪᠠᠷ ᠴᠢᠩᠭ᠎ᠠ᠂ ᠮᠡᠷᠭᠡᠵᠢᠯ ᠤᠨ ᠬᠦᠴᠦᠨ ᠢᠶᠠᠷ ᠴᠢᠩᠭ᠎ᠠ᠂ | ᠨᠡᠶᠢᠭᠡᠮ ᠤᠨ ᠢᠲᠡᠭᠡᠮᠵᠢ ᠪᠠᠷ ᠰᠠᠶᠢᠨ᠂ ᠨᠠᠷᠠᠲᠤ ᠲᠡᠮᠳᠡᠭ ᠲᠠᠢ ᠣᠨᠴᠠ ᠲᠠᠰ᠂ ᠨᠢᠭᠡᠳᠦᠭᠡᠷ ᠳᠡᠰ ᠵᠡᠷᠭᠡ ᠳᠡᠭᠡᠳᠦ | ᠲᠠᠰ ᠤᠨ ᠬᠢᠷᠢ ᠬᠡᠮ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠲᠡᠳᠡᠨ ᠠᠪᠴᠢᠷᠠᠵᠤ ᠮᠠᠨ ᠤ | ᠠᠶᠢᠮᠠᠭ ᠲᠤ ᠡᠷᠦᠬᠡ ᠠᠮᠠ ᠣᠷᠣᠭᠤᠯᠵᠤ ᠳᠠᠩᠰᠠᠯᠠᠭᠤᠯᠤᠨ᠎ᠠ᠃ 5 ᠵᠢᠯ ᠤᠨ ᠳᠣᠲᠣᠷ᠎ᠠ ᠨᠡᠭᠦᠯᠭᠡᠬᠦ ᠥᠬᠡᠶ ᠭᠡᠵᠦ | ᠠᠮᠠᠯᠳᠠᠭᠰᠠᠨ ᠪᠠᠶᠢᠪᠠᠯ᠂ 5 ᠵᠢᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠣᠷᠣᠨ ᠨᠤᠲᠤᠭ ᠤᠨ ᠡᠳ᠋ ᠤᠨ | ᠬᠦᠴᠦᠨ ᠪᠠ ᠠᠵᠤ ᠠᠬᠤᠶᠢᠯᠠᠯ ᠤᠨ ᠬᠤᠪᠢ ᠨᠡᠮᠡᠷᠢ ᠵᠡᠷᠭᠡ ᠶᠢ ᠦᠨᠳᠦᠰᠦᠯᠡᠨ᠂ ᠣᠨᠴᠠ ᠲᠠᠰ ᠤᠨ ᠬᠢᠷᠢ | ᠬᠡᠮ ᠲᠠᠢ ᠨᠢ ᠨᠢᠭᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠨᠢᠭᠡᠳᠦᠭᠡᠷ ᠳᠡᠰ ᠤᠨ ᠬᠢᠷᠢ | ᠬᠡᠮ ᠲᠠᠢ ᠨᠢ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠰ ᠭᠠᠵᠠᠷ | ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠨᠢᠭᠡ ᠤᠳᠠᠭ᠎ᠠ ᠶᠢᠨ ᠴᠢᠨᠠᠷᠲᠠᠶ ᠱᠠᠩᠨᠠᠵᠤ ᠲᠤᠰᠠᠯᠠᠬᠤ ᠪᠠᠯᠠ | ᠮᠥᠩᠭᠦ ᠶᠢᠨ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠱᠠᠩᠨᠠᠵᠤ ᠨᠥᠬᠦᠪᠥᠷᠢᠯᠡᠬᠦ ᠬᠡᠷᠡᠭᠲᠡᠶ᠃ | ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠤᠨ ᠬᠤᠪᠢᠶᠠᠷᠢ ᠺᠣᠮᠫᠠᠨᠢ ᠶᠢ ᠪᠠᠶᠢᠭᠤᠯᠬᠤ ᠶᠢᠨ ᠬᠠᠮᠲᠤ | ᠮᠠᠨ ᠤ ᠠᠶᠢᠮᠠᠭ ᠲᠤ ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠨᠥᠬᠦᠴᠡᠯ ᠳᠤ ᠨᠡᠶᠢᠴᠡᠬᠦ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠱᠠᠩᠨᠠᠨ ᠨᠥᠬᠦᠪᠥᠷᠢᠯᠡᠵᠦ᠂ ᠭᠠᠵᠠᠷ ᠬᠡᠷᠡᠭᠯᠡᠬᠦ᠂ ᠴᠢᠳᠠᠪᠤᠷᠢᠲᠠᠨ ᠤ | ᠡᠷᠦᠬᠡ ᠠᠮᠠ ᠣᠷᠣᠭᠤᠯᠬᠤ᠂ ᠠᠯᠪᠠᠯᠠᠬᠤ ᠬᠡᠷ ᠪᠠᠶᠢᠰᠢᠩ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ | ᠬᠠᠤᠯᠢ ᠲᠣᠭᠲᠠᠭᠠᠯ ᠶᠣᠰᠣᠭᠠᠷ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠶ᠃ | ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠭᠤᠷᠪᠠ︶ ᠠᠵᠤ ᠠᠬᠤᠶᠢᠯᠠᠯ ᠤᠨ ᠳᠣᠲᠣᠷ᠎ᠠ ᠭᠠᠳᠠᠨᠠᠬᠢ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ | 5. ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ | ᠠᠶᠢᠮᠠᠭ ᠤᠨ ᠳᠣᠲᠣᠭᠠᠳᠤ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯᠲᠦ ᠲᠦᠷᠢᠮ ᠤᠨ ᠥᠭᠡᠷᠡᠴᠢᠯᠡᠯᠲᠡ ᠬᠢᠬᠦ ᠶᠢ | ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ | ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠠᠶᠢᠮᠠᠭ ᠬᠤᠰᠢᠭᠤ ᠬᠤᠶᠠᠷ ᠱᠠᠲᠤᠨ ᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠢᠶᠠᠷ ᠰᠠᠭᠤᠷᠢ ᠪᠣᠯᠭᠠᠵᠤ᠂ ᠠᠶᠢᠮᠠᠭ ᠤᠨ ᠳᠣᠲᠣᠭᠠᠳᠤ ᠶᠢᠨ ᠬᠢᠷᠢ | ᠴᠢᠳᠠᠮᠵᠢ ᠢᠲᠡᠭᠡᠯ ᠬᠦᠨᠳᠦ ᠪᠠᠷ ᠰᠠᠶᠢᠨ᠂ ᠪᠠᠯᠠ ᠮᠥᠩᠭᠦ ᠶᠢᠨ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ | ᠥᠷᠢᠰᠦᠯᠳᠦᠬᠦ ᠬᠦᠴᠦᠨ ᠢᠶᠠᠷ ᠨᠡᠯᠢᠶᠡᠳ ᠴᠢᠩᠭ᠎ᠠ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠯᠤᠭ᠎ᠠ ᠬᠤᠯᠢᠯᠳᠤᠭᠤᠯᠤᠨ ᠥᠭᠡᠷᠡᠴᠢᠯᠡᠬᠦ ᠠᠵᠤ ᠠᠬᠤᠶᠢᠯᠠᠯ ᠢ ᠲᠣᠰ ᠲᠣᠰ ᠪᠠᠶᠢᠭᠤᠯᠵᠤ᠂ ᠠᠶᠢᠮᠠᠭ ᠤᠨ | ᠳᠣᠲᠣᠭᠠᠳᠤ ᠶᠢᠨ ᠲᠣᠮᠣ ᠬᠡᠯᠪᠡᠷᠢ ᠶᠢᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠬᠦᠴᠦᠯᠡᠨ ᠪᠠᠶᠢᠭᠤᠯᠵᠤ᠂ | ᠬᠤᠯᠢᠯᠳᠤᠭᠤᠯᠤᠨ ᠥᠭᠡᠷᠡᠴᠢᠯᠡᠬᠦ ᠠᠵᠤ ᠠᠬᠤᠶᠢᠯᠠᠯ ᠤᠨ ᠡᠯ᠎ᠡ ᠵᠦᠢᠯ ᠤᠨ ᠪᠠᠷᠢᠯᠭ᠎ᠠ ᠶᠢᠨ ᠳᠠᠭᠠᠭᠠᠴᠢᠯᠠᠯᠲᠠ | ᠬᠦᠯᠢᠶᠡᠬᠦ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠬᠤ ᠬᠢᠷᠢ | ᠬᠡᠮ ᠢ ᠣᠯᠤᠭᠰᠠᠨ ᠠᠶᠢᠮᠠᠭ ᠤᠨ ᠳᠣᠲᠣᠷᠠᠬᠢ ᠬᠤᠯᠢᠯᠳᠤᠭᠤᠯᠤᠨ ᠥᠭᠡᠷᠡᠴᠢᠯᠡᠬᠦ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠳᠤ᠂ ᠡᠬᠡ ᠺᠣᠮᠫᠠᠨᠢ ᠨᠢ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠵᠡᠷᠭᠡ ᠲᠠᠯ᠎ᠠ ᠪᠠᠷ ᠳᠠᠭᠠᠭᠠᠯᠲᠠ | ᠬᠢᠬᠦ ᠶᠢᠨ ᠬᠠᠮᠲᠤ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠪᠠᠷ ᠠᠮᠠᠯᠠᠭᠰᠠᠨ ᠪᠠᠶᠢᠪᠠᠯ᠂ ᠲᠡᠭᠦᠨ ᠤ | ᠪᠠᠶᠢᠭᠤᠯᠤᠭᠳᠠᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠡᠬᠡ ᠺᠣᠮᠫᠠᠨᠢ ᠶᠢᠨ ᠠᠵᠢᠯ ᠤᠨ ᠠᠮᠵᠢᠯᠲᠠ | ᠪᠦᠲᠦᠮᠵᠢ᠂ ᠢᠲᠡᠭᠡᠮᠵᠢ ᠶᠢᠨ ᠮᠡᠳᠡᠭᠡ ᠵᠠᠩᠭᠢ᠂ ᠱᠠᠩᠨᠠᠯ ᠣᠯᠤᠭᠰᠠᠨ ᠪᠠᠶᠢᠳᠠᠯ ᠢ ᠮᠠᠨ ᠤ ᠠᠶᠢᠮᠠᠭ ᠤᠨ ᠪᠠᠷᠢᠯᠭ᠎ᠠ ᠶᠢ | ᠳᠠᠭᠠᠭᠠᠨ ᠠᠪᠤᠭᠰᠠᠨ ᠳᠠᠭᠠᠭᠠᠴᠢᠯᠠᠯᠲᠠ ᠬᠦᠯᠢᠶᠡᠭᠴᠢ ᠶᠢᠨ ᠬᠥᠷᠥᠩᠭᠡ ᠢᠲᠡᠭᠡᠮᠵᠢ ᠪᠣᠯᠭᠠᠬᠤ ᠶᠢ ᠵᠥᠪᠰᠢᠶᠡᠷᠡᠨ᠎ᠡ᠃ ︵ | ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 6. ᠠᠶᠢᠮᠠᠭ ᠤᠨ ᠳᠣᠲᠣᠷ᠎ᠠ ᠭᠠᠳᠠᠨᠠᠬᠢ ᠠᠵᠤ ᠠᠬᠤᠶᠢᠯᠠᠯ ᠤᠨ ᠬᠤᠤᠰ ᠴᠢᠭᠯᠡᠯ ᠢᠶᠠᠷ ᠬᠠᠷᠢᠯᠴᠠᠨ | ᠲᠤᠰᠠᠯᠠᠯᠴᠠᠬᠤ ᠶᠢ ᠳᠡᠮᠵᠢᠨ᠎ᠡ᠃ ᠲᠥᠪ ᠤᠨ ᠠᠵᠤ ᠠᠬᠤᠶᠢᠯᠠᠯ ᠬᠢᠭᠡᠳ ᠠᠶᠢᠮᠠᠭ ᠤᠨ ᠳᠣᠲᠣᠷᠠᠬᠢ ᠪᠠᠷᠢᠯᠭ᠎ᠠ ᠶᠢᠨ | ᠦᠢᠯᠡᠰ ᠤᠨ ᠠᠵᠤ ᠠᠬᠤᠶᠢᠯᠠᠯ᠂ ᠠᠶᠢᠮᠠᠭ ᠤᠨ ᠭᠠᠳᠠᠨᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠬᠢᠭᠡᠳ | ᠠᠶᠢᠮᠠᠭ ᠤᠨ ᠳᠣᠲᠣᠷᠠᠬᠢ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ | ᠬᠠᠮᠲᠤᠷᠠᠭᠰᠠᠨ ᠴᠣᠭᠴᠠ ᠪᠠᠶᠢᠭᠤᠯᠤᠨ ᠳᠠᠭᠠᠭᠠᠴᠢᠯᠠᠯᠲᠠ ᠬᠦᠯᠢᠶᠡᠬᠦ ᠶᠢ ᠳᠡᠮᠵᠢᠵᠦ᠂ ᠮᠠᠨ ᠤ ᠠᠶᠢᠮᠠᠭ ᠤᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠬᠤᠯᠪᠣᠭᠠᠲᠤ ᠴᠣᠭᠴᠠ ᠶᠢᠨ ᠪᠦᠷᠢᠯᠳᠦᠬᠦᠨ ᠨᠢᠭᠡᠴᠢ ᠶᠢᠨ ᠠᠵᠢᠯ ᠤᠨ | ᠬᠡᠮᠵᠢᠶ᠎ᠡ ᠶᠢ ᠵᠠᠷᠴᠢᠮ ᠳᠡᠭᠡᠷ᠎ᠡ ᠪᠠᠨ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠳᠠᠭᠠᠭᠠᠴᠢᠯᠠᠯᠲᠠ | ᠬᠦᠯᠢᠶᠡᠬᠦ ᠬᠡᠰᠡᠭ ᠤᠨ ᠠᠵᠢᠯ ᠤᠨ ᠬᠡᠮᠵᠢᠶ᠎ᠡ ᠶᠢᠨ 40% ᠠᠴᠠ ᠳᠣᠣᠷ᠎ᠠ ᠪᠠᠶᠢᠯᠭᠠᠵᠤ ᠪᠣᠯᠬᠤ ᠥᠭᠡᠢ᠃ ᠵᠠᠰᠠᠭ ᠤᠨ | ᠣᠷᠳᠣᠨ ᠤ ᠪᠠᠯᠠ ᠣᠷᠣᠭᠤᠯᠤᠭᠰᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠢ | ᠬᠠᠮᠲᠤᠷᠠᠭᠰᠠᠨ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠨᠥᠬᠦᠴᠡᠯ ᠭᠠᠷᠭᠠᠵᠤ ᠪᠣᠯᠬᠤ ᠥᠬᠡᠶ᠃ | ᠬᠤᠯᠪᠣᠭᠠᠲᠤ ᠴᠣᠭᠴᠠ ᠨᠢ ᠲᠣᠰ ᠭᠠᠵᠠᠷ ᠣᠷᠣᠨ ᠤ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠥᠷᠳᠡᠵᠦ᠂ ᠠᠶᠢᠮᠠᠭ ᠤᠨ ᠳᠣᠲᠣᠭᠠᠳᠤ ᠳᠤ ᠪᠠ ᠠᠶᠢᠮᠠᠭ ᠤᠨ ᠭᠠᠳᠠᠨᠠᠬᠢ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠤᠨ ᠬᠠᠮᠲᠤᠷᠠᠭᠰᠠᠨ ᠴᠣᠭᠴᠠ ᠪᠠᠶᠢᠭᠤᠯᠤᠨ ᠳᠠᠭᠠᠭᠠᠴᠢᠯᠠᠯᠲᠠ ᠬᠦᠯᠢᠶᠡᠬᠦ ᠳᠤ ᠲᠣᠭᠲᠠᠭᠠᠯ ᠶᠣᠰᠣᠭᠠᠷ | ᠬᠤᠪᠢ ᠨᠡᠮᠡᠵᠦ᠂ ᠬᠤᠯᠪᠣᠭᠠᠲᠤ ᠴᠣᠭᠴᠠ ᠠᠴᠠ ᠪᠣᠶ ᠪᠣᠯᠤᠭᠰᠠᠨ ᠠᠵᠢᠯ ᠤᠨ ᠠᠮᠵᠢᠯᠲᠠ ᠶᠢ ᠬᠤᠶᠢᠰᠢᠳᠠ ᠶᠢᠨ ᠡᠯ᠎ᠡ | ᠲᠠᠯ᠎ᠠ ᠶᠢᠨ ᠠᠵᠢᠯ ᠤᠨ ᠠᠮᠵᠢᠯᠲᠠ ᠪᠠᠷ ᠮᠡᠳᠡᠷᠡᠨ᠎ᠡ᠃ ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | ︵ᠲᠦᠷᠪᠡ︶ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠪᠠ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠵᠣᠷᠢᠭᠵᠢᠭᠤᠯᠤᠨ᠎ᠠ | 7 ᠠᠵᠤ ᠠᠬᠤᠶᠢᠯᠠᠯ ᠤᠨ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠶᠢ | ᠵᠣᠷᠢᠭᠵᠢᠭᠤᠯᠤᠨ᠎ᠠ᠃ ᠠᠶᠢᠮᠠᠭ ᠤᠨ ᠳᠣᠲᠣᠷᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠳᠠᠭᠠᠭᠠᠴᠢᠯᠠᠨ | ᠪᠠᠶᠢᠭᠤᠯᠤᠭᠰᠠᠨ ᠤᠯᠤᠰ ᠤᠨ ᠥᠮᠴᠢᠯᠡᠯᠲᠦ ᠪᠠᠯᠠ ᠣᠷᠣᠭᠤᠯᠤᠯᠲᠠ ᠶᠢᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠵᠦᠢᠯ ᠨᠢ ᠤᠯᠤᠰ ᠤᠨ ᠲᠠᠰ᠂ | ᠥᠪᠡᠷᠲᠡᠭᠡᠨ ᠵᠠᠰᠠᠬᠤ ᠣᠷᠣᠨ ᠤ ᠲᠠᠰ ᠪᠠ ᠠᠶᠢᠮᠠᠭ ᠬᠤᠲᠠ ᠶᠢᠨ ᠲᠠᠰ ᠤᠨ ᠴᠢᠨᠠᠷ ᠰᠠᠶᠢᠲᠠᠶ ᠢᠨᠵᠧᠨᠧᠷᠢᠩ ᠢ | ᠣᠯᠤᠭᠰᠠᠨ ᠪᠠᠶᠢᠪᠠᠯ᠂ ᠲᠣᠰ ᠲᠣᠰ ᠳᠠᠭᠠᠭᠠᠴᠢᠯᠠᠯᠲᠠ ᠣᠯᠤᠭᠰᠠᠨ ᠦᠨ᠎ᠡ ᠶᠢᠨ 1.5%᠂ 1.0% ᠪᠠ 0. | 5% ᠶᠢᠨ ᠪᠠᠷᠢᠮᠵᠢᠶ᠎ᠠ ᠪᠠᠷ ᠰᠢᠯᠢᠳᠡᠭ ᠢ ᠡᠭᠦᠳᠴᠦ ᠰᠢᠨ᠎ᠡ ᠶᠢ ᠡᠭᠦᠳᠬᠦ ᠵᠠᠷᠤᠳᠠᠯ ᠢ ᠪᠤᠳᠤᠵᠤ ᠠᠪᠤᠨ᠎ᠠ᠃ | ᠤᠯᠤᠰ ᠤᠨ ᠥᠮᠴᠢᠯᠡᠯᠲᠦ ᠪᠠᠯᠠ ᠣᠷᠣᠭᠤᠯᠤᠯᠲᠠ ᠶᠢᠨ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ | ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠵᠦᠢᠯ ᠳᠤ ᠨᠢᠭᠡᠳᠦᠭᠡᠷ ᠣᠳᠣᠨ᠂ ᠬᠤᠶᠠᠳᠤᠭᠠᠷ ᠣᠳᠣᠨ᠂ | ᠭᠤᠷᠪᠠᠨ ᠣᠳᠣᠨ ᠪᠣᠬᠢᠷᠲᠤᠯ ᠥᠬᠡᠶ ᠪᠠᠷᠢᠯᠭ᠎ᠠ ᠪᠠᠷ ᠦᠨᠡᠯᠡᠭᠳᠡᠭᠰᠡᠨ ᠪᠠᠶᠢᠪᠠᠯ᠂ ᠭᠠᠶᠢᠯᠢ ᠲᠤᠰᠢᠶᠠᠬᠤ ᠠᠴᠠ ᠡᠮᠦᠨᠡᠬᠢ | ᠪᠠᠷᠢᠯᠭ᠎ᠠ ᠶᠢᠨ ᠶᠡᠷᠦᠩᠬᠡᠶ ᠪᠠᠶᠢᠭᠤᠯᠤᠭᠰᠠᠨ ᠦᠨ᠎ᠡ ᠶᠢ ᠠᠵᠤ ᠠᠬᠤᠶᠢᠯᠠᠯ ᠳᠤ ᠲᠣᠰ ᠲᠣᠰ 0.3%᠂ 0.7%᠂ 1. | 0% ᠨᠡᠮᠡᠭᠳᠡᠭᠦᠯᠦᠨ᠎ᠡ᠃ ᠤᠯᠤᠰ ᠤᠨ ᠥᠮᠴᠢᠯᠡᠯᠲᠦ ᠪᠠᠯᠠ ᠣᠷᠣᠭᠤᠯᠤᠯᠲᠠ ᠶᠢᠨ ᠣᠷᠣᠨ ᠰᠠᠭᠤᠴᠠ ᠶᠢᠨ ᠪᠥᠲᠥᠭᠡᠨ | ᠪᠠᠶᠢᠭᠤᠯᠤᠯᠲᠠ ᠶᠢᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ | ᠲᠤᠭ᠎ᠠ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠤᠶᠤ ᠲᠠᠩ ᠴᠣᠭᠴᠠᠲᠤ ᠪᠠᠷᠢᠯᠭ᠎ᠠ ᠶᠢᠨ ᠲᠠᠯᠠᠪᠠᠶ ᠨᠢ 2 | ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠤ᠂ ᠮᠡᠷᠭᠡᠵᠢᠯ ᠨᠢ ᠪᠤᠳᠤᠯᠢᠶᠠᠨᠲᠠᠶ᠂ ᠬᠠᠮᠢᠶᠠᠷᠤᠯᠲᠠ | ᠬᠠᠮᠵᠢᠯᠴᠠᠭ᠎ᠠ ᠶᠢᠨ ᠱᠠᠭᠠᠷᠳᠠᠯᠭ᠎ᠠ ᠨᠢ ᠥᠨᠳᠥᠷ ᠪᠥᠭᠡᠳ ᠪᠦᠬᠦᠨ ᠢᠶᠠᠷ ᠢᠶᠠᠨ BIM ᠮᠡᠷᠭᠡᠵᠢᠯ ᠢ ᠬᠡᠷᠡᠭᠯᠡᠭᠰᠡᠨ | ᠪᠠᠶᠢᠪᠠᠯ᠂ ᠬᠡᠷᠡᠭᠰᠡᠬᠦ ᠵᠠᠷᠤᠳᠠᠯ ᠢ ᠢᠨᠵᠧᠨᠧᠷᠢᠩ ᠤᠨ ᠲᠥᠷᠥᠯ ᠵᠦᠶ᠋ᠯ ᠤᠨ ᠪᠠᠯᠠ ᠣᠷᠣᠭᠤᠯᠤᠯᠲᠠ ᠶᠢᠨ ᠲᠦᠢᠮᠣ | ᠲᠥᠰᠦᠪ ᠲᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 8. ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠲᠦᠷᠭᠡᠳᠬᠡᠨ ᠠᠬᠢᠭᠤᠯᠤᠨ᠎ᠠ᠃ ᠣᠯᠠᠨ ᠨᠡᠶᠢᠲᠡ ᠶᠢᠨ ᠪᠠᠷᠢᠯᠭ᠎ᠠ ᠪᠠ | ᠠᠵᠤ ᠦᠢᠯᠡᠳᠪᠦᠷᠢ ᠶᠢᠨ ᠦᠢᠯᠡᠳᠪᠦᠷᠢ ᠶᠢᠨ ᠬᠡᠷ ᠪᠠᠶᠢᠰᠢᠩ ᠢ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡ ᠶᠢ | ᠤᠷᠢᠳᠠᠪᠠᠷ ᠰᠣᠩᠭᠤᠨ ᠬᠡᠷᠡᠭᠯᠡᠵᠦ ᠪᠠᠶᠢᠭᠤᠯᠬᠤ ᠶᠢ ᠵᠣᠷᠢᠭᠵᠢᠭᠤᠯᠵᠤ᠂ ᠲᠦᠷ ᠴᠠᠭ ᠤᠨ ᠪᠠᠷᠢᠯᠭ᠎ᠠ ᠪᠠ ᠠᠷᠠᠳ ᠤᠨ | ᠬᠡᠷ ᠪᠠᠶᠢᠰᠢᠩ ᠢ ᠬᠥᠩᠭᠡᠨ ᠪᠣᠯᠣᠳ ᠪᠦᠲᠦᠴᠡ᠂ ᠮᠣᠳᠣᠨ ᠪᠦᠲᠦᠴᠡ ᠲᠠᠢ ᠤᠭᠰᠠᠷᠠᠮᠠᠯ ᠮᠠᠶ᠋ᠢᠭ ᠤᠨ ᠠᠷᠭ᠎ᠠ | ᠮᠠᠶ᠋ᠢᠭ ᠢᠶᠠᠷ ᠪᠠᠶᠢᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ᠤᠭᠰᠠᠷᠠᠮᠠᠯ ᠪᠠᠷᠢᠯᠭ᠎ᠠ ᠶᠢᠨ ᠠᠵᠤ ᠦᠢᠯᠡᠰ ᠤᠨ | ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠡᠪᠴᠢᠶᠡᠨ ᠳᠤ ᠣᠷᠣᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠬᠦᠷᠲᠡᠭᠡᠨ᠎ᠡ᠃ ᠠᠵᠤ ᠠᠬᠤᠶᠢᠯᠠᠯ ᠤᠨ ᠤᠭᠰᠠᠷᠠᠮᠠᠯ ᠮᠠᠶ᠋ᠢᠭ ᠤᠨ ᠤᠭᠰᠠᠷᠠᠮᠠᠯ ᠦᠢᠯᠡᠳᠭᠦᠨ ᠤ | ᠤᠭᠰᠠᠷᠠᠭ᠎ᠠ ᠲᠣᠨᠤᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠯᠡᠬᠦ ᠭᠠᠵᠠᠷ ᠤᠨ ᠳᠡᠮᠵᠢᠯᠭᠡ | ᠬᠠᠩᠭᠠᠵᠤ ᠪᠣᠯᠤᠨ᠎ᠠ᠃ ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠲᠠᠪᠤ︶ ᠠᠵᠤ ᠦᠢᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ | 9. ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠪᠠᠩᠬᠢ ᠶᠢᠨ | ᠪᠠᠲᠤᠯᠠᠭ᠎ᠠ ᠶᠢᠨ ᠪᠢᠴᠢᠭ᠂ ᠳᠠᠭᠠᠭᠠᠯᠲᠠ ᠶᠢᠨ ᠪᠠᠲᠤᠯᠠᠭ᠎ᠠ ᠶᠢᠨ ᠪᠢᠴᠢᠭ ᠪᠠ ᠪᠠᠲᠤᠯᠠᠭ᠎ᠠ ᠶᠢᠨ ᠳᠠᠭᠠᠳᠬᠠᠯ ᠢᠶᠠᠷ ᠪᠡᠯᠡᠨ | ᠵᠣᠭᠤᠰ ᠢ ᠣᠷᠣᠯᠠᠭᠤᠯᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠡᠯ᠎ᠡ ᠲᠥᠷᠥᠯ ᠤᠨ ᠪᠠᠲᠤᠯᠠᠭ᠎ᠠ ᠶᠢᠨ | ᠮᠥᠩᠭᠦ ᠬᠤᠣᠰ ᠴᠢᠭᠯᠡᠯ ᠤᠨ ᠳᠠᠭᠠᠭᠠᠯᠲᠠ ᠶᠢᠨ ᠲᠦᠷᠢᠮ ᠢ ᠪᠠᠶᠢᠭᠤᠯᠬᠤ ᠳᠤ᠂ ᠪᠦᠳᠦᠭᠡᠨ ᠪᠠᠶᠢᠭᠤᠯᠬᠤ ᠨᠢᠭᠡᠴᠢ ᠨᠢ | ᠪᠠᠷᠢᠯᠭ᠎ᠠ ᠪᠠᠷᠢᠬᠤ ᠨᠢᠭᠡᠴᠢ ᠳᠤ ᠪᠠᠷᠢᠯᠭ᠎ᠠ ᠶᠢᠨ ᠵᠣᠭᠤᠰ ᠢ ᠥᠭᠬᠦ ᠳᠠᠭᠠᠭᠠᠯᠲᠠ ᠬᠠᠩᠭᠠᠬᠤ ᠬᠡᠷᠡᠭᠲᠡᠶ᠃ ᠬᠥᠮᠦᠨ ᠤ | ᠬᠦᠴᠦᠨ ᠤ ᠵᠠᠷᠤᠳᠠᠯ ᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠪᠠ ᠭᠤᠤᠯ ᠮᠠᠲ᠋ᠧᠷᠢᠶᠠᠯ ᠤᠨ ᠦᠨ᠎ᠡ | ᠬᠠᠩᠰᠢ ᠶᠢᠨ ᠥᠰᠥᠯᠲᠡ ᠪᠠᠭᠤᠷᠠᠯᠲᠠ ᠶᠢᠨ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠦᠷᠢᠨᠰᠢᠬᠦᠯᠵᠦ᠂ | ᠳᠠᠭᠠᠭᠠᠴᠢᠯᠠᠯᠲᠠ ᠶᠢᠨ ᠬᠤᠶᠠᠷ ᠲᠠᠯ᠎ᠠ ᠶᠢᠨ ᠭᠡᠷ᠎ᠡ ᠳᠤ ᠪᠣᠯᠵᠣᠨ ᠲᠣᠭᠲᠠᠭᠰᠠᠨ ᠭᠤᠤᠯ ᠪᠣᠯᠬᠤ ᠮᠠᠲ᠋ᠧᠷᠢᠶᠠᠯ ᠤᠨ | ᠦᠨ᠎ᠡ ᠶᠢᠨ ᠵᠥᠷᠢᠶ᠎ᠡ ᠶᠢ ᠪᠠᠷᠢᠯᠭ᠎ᠠ ᠪᠠᠷᠢᠬᠤ ᠨᠢᠭᠡᠴᠢ ᠠᠴᠠ ᠡᠭᠦᠷᠭᠡᠯᠡᠬᠦ ᠨᠢ 5% ︵5% ᠪᠠᠭᠲᠠᠨ᠎ᠠ︶ ᠠᠴᠠ | ᠬᠡᠲᠦᠷᠡᠵᠦ ᠪᠣᠯᠬᠤ ᠥᠬᠡᠶ᠂ 5% ᠠᠴᠠ ᠳᠡᠭᠡᠭᠰᠢᠬᠢ ᠬᠡᠰᠡᠭ ᠤᠨ ᠦᠨ᠎ᠡ ᠶᠢᠨ ᠵᠥᠷᠢᠶ᠎ᠡ ᠶᠢ ᠪᠥᠲᠥᠭᠡᠨ ᠪᠠᠶᠢᠭᠤᠯᠬᠤ | ᠨᠢᠭᠡᠴᠢ ᠠᠴᠠ ᠡᠭᠦᠷᠭᠡᠯᠡᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶ᠋ᠯ ᠳᠤ ᠬᠡᠷᠡᠭᠰᠡᠬᠦ | ᠪᠠᠯᠠ ᠮᠥᠩᠭᠦ ᠶᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠂ ᠪᠠᠷᠢᠯᠭ᠎ᠠ ᠶᠢᠨ ᠨᠢᠭᠡᠴᠢ ᠠᠴᠠ ᠪᠠᠯᠠ ᠣᠷᠣᠯᠠᠨ ᠪᠥᠲᠥᠭᠡᠨ | ᠪᠠᠶᠢᠭᠤᠯᠵᠤ ᠪᠣᠯᠬᠤ ᠥᠬᠡᠶ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠪᠡᠯᠡ ᠮᠥᠩᠭᠦ ᠣᠷᠣᠯᠠᠨ ᠥᠭᠬᠦ᠂ | ᠪᠡᠯᠡ ᠮᠥᠩᠭᠦ ᠲᠠᠢ ᠳᠠᠭᠠᠭᠠᠴᠢᠯᠠᠬᠤ ᠶᠢ ᠪᠠᠷᠢᠯᠭ᠎ᠠ ᠶᠢᠨ ᠭᠡᠷ᠎ᠡ ᠶᠢᠨ ᠠᠭᠤᠯᠭ᠎ᠠ ᠪᠣᠯᠭᠠᠵᠤ ᠪᠣᠯᠬᠤ ᠦᠭᠡᠢ᠃ ︵ | ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | 10. ᠪᠠᠷᠢᠯᠭ᠎ᠠ ᠶᠢᠨ ᠦᠨ᠎ᠡ ᠶᠢᠨ ᠵᠣᠭᠤᠰ ᠢ ᠳ᠋ᠦᠩᠨᠡᠨ ᠪᠤᠳᠤᠬᠤ ᠶᠢ ᠲᠡᠭᠦᠯᠳᠡᠷᠵᠢᠭᠦᠯᠦᠨ᠎ᠡ᠃ ᠪᠠᠷᠢᠯᠭ᠎ᠠ | ᠪᠠᠷᠢᠭᠤᠯᠬᠤ ᠨᠢᠭᠡᠴᠢ ᠶᠢᠨ ᠪᠠᠶᠢᠭᠤᠯᠤᠭᠰᠠᠨ ᠦᠨ᠎ᠡ ᠶᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠭᠡᠷ᠎ᠡ ᠶᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠳᠠᠯᠠᠵᠤ᠂ ᠪᠠᠷᠢᠯᠭ᠎ᠠ ᠶᠢᠨ | ᠶᠠᠪᠤᠴᠠ ᠳᠠᠬᠢ ᠦᠨ᠎ᠡ ᠶᠢᠨ ᠵᠣᠭᠤᠰ ᠢ ᠳ᠋ᠦᠩᠨᠡᠨ ᠪᠤᠳᠤᠬᠤ ᠪᠠ ᠥᠭᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠳᠠᠭᠠᠭᠠᠴᠢᠯᠠᠭᠤᠯᠤᠭᠴᠢ ᠬᠤᠶᠠᠷ ᠲᠠᠯ᠎ᠠ ᠪᠠᠷ ᠢᠶᠠᠨ ᠭᠡᠷ᠎ᠡ ᠶᠢᠨ ᠪᠣᠯᠵᠣᠯ ᠶᠣᠰᠣᠭᠠᠷ᠂ ᠪᠠᠷᠢᠯᠭ᠎ᠠ ᠶᠢᠨ ᠦᠨ᠎ᠡ ᠶᠢᠨ | ᠵᠣᠭᠤᠰ ᠢ ᠲᠣᠭᠲᠠᠮᠠᠯ ᠬᠤᠭᠤᠴᠠᠭ᠎ᠠ ᠲᠠᠢ ᠪᠠᠷ ᠪᠤᠶᠤ ᠪᠠᠷᠢᠯᠭ᠎ᠠ ᠶᠢᠨ ᠠᠬᠢᠴᠠ ᠶᠢᠨ ᠶᠣᠰᠣᠭᠠᠷ ᠬᠡᠰᠡᠭ ᠬᠤᠪᠢᠶᠠᠨ | ᠲᠠᠰᠤᠯᠤᠨ ᠪᠤᠳᠤᠬᠤ ᠪᠠ ᠥᠭᠬᠦ ᠬᠡᠷᠡᠭᠲᠡᠶ᠂ ᠪᠣᠯᠵᠣᠯ ᠦᠭᠡᠢ ᠪᠣᠯ ᠪᠠᠷᠢᠯᠭ᠎ᠠ ᠶᠢᠨ ᠠᠵᠢᠯ ᠤᠨ ᠶᠠᠪᠤᠴᠠ ᠳᠤ | ᠲᠠᠰᠤᠯᠤᠨ ᠪᠤᠳᠤᠬᠤ ᠶᠢ ᠭᠦᠢᠴᠡᠳᠬᠡᠬᠦ ᠬᠤᠭᠤᠴᠠᠭ᠎ᠠ ᠶᠢ 28 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠪᠠᠷᠢᠯᠭ᠎ᠠ ᠶᠢᠨ ᠠᠬᠢᠴᠠ ᠶᠢᠨ ᠵᠣᠭᠤᠰ ᠥᠭᠬᠦ ᠬᠠᠷᠢᠴᠠᠯ ᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠤᠯᠤᠰ ᠤᠨ | ᠥᠮᠴᠢᠯᠡᠯᠲᠦ ᠪᠠᠯᠠ ᠣᠷᠣᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢᠨ | ᠵᠣᠭᠤᠰ ᠥᠭᠬᠦ ᠬᠠᠷᠢᠴᠠᠯ ᠢ ᠨᠢᠭᠡᠨᠲᠡ ᠪᠡᠶᠡᠯᠡᠭᠦᠯᠦᠭᠰᠡᠨ ᠪᠠᠷᠢᠯᠭ᠎ᠠ ᠶᠢᠨ ᠦᠨ᠎ᠡ ᠶᠢᠨ ᠵᠣᠭᠤᠰ ᠤᠨ 80% ᠠᠴᠠ | ᠳᠣᠤᠷ᠎ᠠ ᠪᠠᠶᠢᠯᠭᠠᠬᠤ ᠥᠬᠡᠶ᠃ ᠬᠡᠰᠡᠭ ᠪᠦᠯᠦᠭ ᠬᠤᠪᠢᠶᠠᠨ ᠪᠠᠷᠢᠯᠭ᠎ᠠ ᠶᠢ ᠰᠢᠯᠭᠠᠨ ᠠᠪᠬᠤ ᠳᠤ ᠬᠢᠷᠢ ᠲᠡᠩᠴᠡᠭᠰᠡᠨ ᠤ | ᠳᠠᠷᠠᠭ᠎ᠠ ᠪᠣᠳᠠᠲᠠᠶ ᠪᠡᠶᠡᠯᠡᠭᠦᠯᠦᠭᠰᠡᠨ ᠪᠠᠷᠢᠯᠭ᠎ᠠ ᠶᠢᠨ ᠬᠡᠮᠵᠢᠶ᠎ᠡ ᠪᠠᠷ ᠪᠠᠷᠢᠯᠭ᠎ᠠ ᠶᠢ ᠳ᠋ᠦᠩᠨᠡᠨ ᠪᠤᠳᠤᠬᠤ ᠬᠡᠷᠡᠭᠲᠡᠶ᠂ | ᠵᠢᠷᠤᠭ ᠲᠥᠯᠥᠪᠯᠡᠭᠡ ᠶᠢ ᠬᠤᠪᠢᠷᠠᠭᠤᠯᠬᠤ᠂ ᠪᠠᠷᠢᠯᠭ᠎ᠠ ᠶᠢ ᠵᠥᠪᠳᠡᠯᠴᠡᠬᠦ ᠵᠡᠷᠭᠡ ᠰᠢᠯᠲᠠᠭᠠᠨ ᠢᠶᠠᠷ ᠬᠡᠯᠪᠡᠷᠢ ᠶᠢ ᠨᠢ | ᠥᠭᠡᠷᠡᠲᠦᠭᠦᠯᠦᠨ ᠳ᠋ᠦᠩᠨᠡᠨ ᠪᠤᠳᠤᠬᠤ ᠶᠢ ᠤᠳᠠᠭᠠᠰᠢᠷᠠᠭᠤᠯᠵᠤ ᠪᠣᠯᠬᠤ ᠦᠭᠡᠢ᠃ ᠤᠯᠤᠰ ᠤᠨ ᠦᠮᠴᠢᠯᠡᠯᠳᠤ ᠪᠡᠯᠡ | ᠣᠷᠣᠭᠤᠯᠤᠯᠲᠠ ᠶᠢᠨ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠪᠠᠷᠢᠯᠭ᠎ᠠ ᠶᠢᠨ ᠲᠥᠷᠥᠯ ᠵᠦᠢᠯ ᠳᠤ ᠪᠠᠷᠢᠯᠭ᠎ᠠ ᠶᠢᠨ ᠤᠷᠢᠳᠴᠢᠯᠠᠨ ᠥᠭᠬᠦ ᠵᠣᠭᠤᠰ ᠤᠨ ᠲᠥᠷᠢᠮ ᠢ ᠴᠢᠩᠭ᠎ᠠ | ᠬᠡᠷᠡᠭᠵᠢᠭᠦᠯᠵᠦ᠂ ᠤᠷᠢᠳᠴᠢᠯᠠᠨ ᠥᠭᠬᠦ ᠵᠣᠭᠤᠰ ᠤᠨ ᠬᠠᠷᠢᠴᠠᠯ ᠢ ᠭᠡᠷ᠎ᠡ ᠶᠢᠨ ᠶᠡᠷᠦᠩᠬᠡᠶ ᠦᠨ᠎ᠡ ᠶᠢᠨ 10% ᠠᠴᠠ | ᠳᠣᠣᠷ᠎ᠠ ᠥᠭᠡᠢ ᠪᠠᠶᠢᠯᠭᠠᠵᠤ᠂ ᠪᠥᠳᠥᠭᠡᠨ ᠪᠠᠶᠢᠭᠤᠯᠬᠤ ᠨᠢᠭᠡᠴᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ | ᠪᠠᠷᠢᠯᠭ᠎ᠠ ᠶᠢᠨ ᠠᠬᠢᠴᠠ ᠶᠢᠨ ᠵᠣᠭᠤᠰ ᠢ ᠭᠦᠢᠴᠡᠳ ᠲᠤᠭ᠎ᠠ ᠪᠠᠷ ᠥᠭᠬᠦ ᠬᠡᠷᠡᠭᠲᠡᠶ᠃ ᠪᠠᠷᠢᠯᠭ᠎ᠠ ᠪᠠᠷᠢᠭᠤᠯᠬᠤ ᠨᠢᠭᠡᠴᠢ | ᠡᠯ᠎ᠡ ᠲᠥᠷᠥᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠥᠢᠩᠨᠡᠨ ᠪᠤᠳᠤᠬᠤ ᠳᠤ ᠨᠢᠭᠡ ᠤᠳᠠᠭ᠎ᠠ ᠳᠤᠨᠢ | ᠳᠥᠢᠩᠨᠡᠨ ᠪᠤᠳᠤᠬᠤ ᠬᠢᠨᠠᠨ ᠪᠤᠳᠤᠯᠳᠠ ᠶᠢ ᠬᠡᠷᠡᠭᠵᠢᠭᠦᠯᠬᠦ ᠬᠡᠷᠡᠭᠲᠡᠶ᠂ ᠳᠠᠪᠬᠤᠷᠳᠠᠭᠤᠯᠤᠨ ᠬᠢᠵᠦ ᠪᠣᠯᠬᠤ ᠥᠭᠡᠢ᠃ ︵ | ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | 11. ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ᠂ ᠣᠳᠣᠨ | ᠲᠠᠰ ᠤᠨ ᠪᠣᠬᠢᠷᠲᠤᠯ ᠥᠬᠡᠶ ᠪᠠᠷᠢᠯᠭ᠎ᠠ᠂ ᠬᠡᠲᠦ ᠪᠠᠭ᠎ᠠ ᠡᠨᠧᠷᠭᠢ ᠶᠢᠨ ᠬᠤᠷᠣᠭᠳᠠᠭᠤᠯᠤᠯ ᠤᠨ ᠪᠠᠷᠢᠯᠭ᠎ᠠ ᠶᠢᠨ ᠲᠥᠷᠥᠯ | ᠵᠦᠢᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠠᠩᠬᠢ ᠶᠢᠨ | ᠢᠲᠡᠭᠡᠮᠵᠢᠲᠦ ᠵᠢᠭᠡᠯᠡᠯᠭᠡ ᠲᠠᠯᠪᠢᠬᠤ ᠶᠢ ᠤᠷᠢᠳᠠᠪᠠᠷ ᠪᠠᠲᠤᠯᠠᠬᠤ ᠶᠢ ᠵᠣᠷᠢᠭᠵᠢᠭᠤᠯᠤᠨ᠎ᠠ᠃ ᠮᠠᠨ ᠤ ᠠᠶᠢᠮᠠᠭ ᠤᠨ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠵᠢᠴᠢ ᠥᠪᠡᠷᠲᠡᠭᠡᠨ | ᠵᠠᠰᠠᠬᠤ ᠣᠷᠣᠨ ᠤ ᠵᠦᠶ ᠶᠣᠰᠣᠨ ᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠠᠰᠢᠭᠯᠠᠨ᠂ ᠪᠣᠬᠢᠷᠲᠤᠯ | ᠥᠬᠡᠶ ᠪᠠᠷᠢᠯᠭ᠎ᠠ᠂ ᠣᠶᠤᠨᠴᠢ ᠦᠢᠯᠡᠳᠬᠦ ᠪᠠ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠲᠥᠷᠥᠯ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠨᠥᠬᠦᠴᠡᠯ ᠳᠤ ᠨᠡᠶᠢᠴᠡᠬᠦ ᠮᠠᠨ ᠤ ᠠᠶᠢᠮᠠᠭ ᠤᠨ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ᠂ ᠲᠤᠯᠭᠠᠨ ᠳᠠᠨᠵᠢᠯᠠᠵᠤ | ᠪᠠᠯᠠ ᠳᠣᠭᠢᠷᠠᠭᠤᠯᠬᠤ᠂ ᠵᠢᠭᠡᠯᠡᠯᠭᠡ ᠲᠠᠯᠪᠢᠬᠤ᠂ ᠪᠠᠲᠤᠯᠠᠭ᠎ᠠ ᠶᠢᠨ ᠵᠠᠬᠢᠳᠠᠯ ᠤᠨ ᠲᠤᠬᠠᠶᠢᠯᠠᠭᠰᠠᠨ ᠠᠵᠢᠯ ᠵᠡᠷᠭᠡ | ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ | ᠪᠠᠶᠢᠭᠠᠳ ᠡᠬᠡ ᠮᠥᠩᠭᠦ ᠶᠢ ᠨᠢ ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ | ᠢᠲᠡᠭᠡᠮᠵᠢ ᠪᠠᠷ ᠰᠠᠶᠢᠨ᠂ ᠦᠷᠭᠦᠯᠵᠢᠯᠡᠨ ᠵᠢᠭᠡᠯᠡᠯᠭᠡ ᠲᠠᠯᠪᠢᠬᠤ ᠨᠥᠬᠦᠴᠡᠯ ᠳᠤ ᠨᠡᠶᠢᠴᠡᠬᠦ ᠳᠤᠮᠳᠠ ᠵᠢᠵᠢᠭ ᠪᠢᠴᠢᠯ | ᠠᠵᠤ ᠠᠬᠤᠶᠢᠯᠠᠯ ᠳᠤ ᠦᠷᠭᠦᠯᠵᠢᠯᠡᠨ ᠵᠢᠭᠡᠯᠡᠯᠭᠡ ᠲᠠᠯᠪᠢᠬᠤ ᠶᠢᠨ ᠳᠡᠮᠵᠢᠯᠭᠡ ᠦᠵᠡᠭᠦᠯᠦᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠳᠣᠣᠷ᠎ᠠ ᠬᠦᠦ ᠲᠠᠢ ᠵᠢᠭᠡᠯᠡᠯᠭᠡ ᠪᠤᠶᠤ ᠳᠠᠮ ᠬᠦᠦ ᠲᠠᠢ ᠵᠢᠭᠡᠯᠡᠯᠭᠡ | ᠵᠡᠷᠭᠡ ᠠᠷᠭ᠎ᠠ ᠮᠠᠶ᠋ᠢᠭ ᠢ ᠰᠤᠳᠤᠯᠵᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠥᠭᠵᠢᠯᠲᠡ ᠶᠢ | ᠳᠡᠮᠵᠢᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠮᠥᠩᠭᠦᠨ ᠭᠦᠶ᠋ᠯᠭᠡᠭᠡᠨ ᠤ ᠠᠯᠪᠠᠨ | ᠬᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 12. ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠳᠠᠲᠤ ᠬᠦᠴᠦᠨ ᠲᠠᠢ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠯᠤᠭ᠎ᠠ | ᠢᠳᠡᠪᠬᠢᠲᠡᠶ ᠪᠠᠷ ᠬᠠᠮᠲᠤᠷᠠᠯᠴᠠᠵᠤ᠂ ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠬᠤ ᠶᠢ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠴᠢᠳᠠᠪᠤᠷᠢᠲᠠᠨ ᠤ ᠴᠠᠯᠢᠩ ᠤᠨ ᠬᠡᠪ ᠤᠨ ᠨᠡᠮᠡᠭᠳᠡᠯ ᠤᠨ | ᠲᠣᠭᠲᠠᠴᠠ ᠶᠢ ᠪᠠᠶᠢᠭᠤᠯᠵᠤ᠂ ᠴᠠᠯᠢᠩ ᠤᠨ ᠬᠤᠪᠢᠶᠠᠷᠢᠯᠠᠯᠲᠠ ᠶᠢ ᠵᠠᠩᠭᠢᠯᠠᠭ᠎ᠠ ᠶᠢᠨ ᠮᠡᠷᠭᠡᠵᠢᠯ ᠤᠨ ᠠᠵᠢᠯ ᠤᠨ ᠪᠠᠶᠢᠷᠢ | ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠲᠡᠶᠢᠰᠢ ᠬᠡᠯᠪᠠᠶᠢᠯᠭᠡᠨ᠎ᠡ᠃ ᠠᠵᠤ ᠠᠬᠤᠶᠢᠯᠠᠯ ᠤᠨ | ᠨᠠᠩ ᠣᠯᠠᠨ ᠳᠡᠭᠡᠳᠦ ᠲᠠᠰ ᠳᠠᠪᠬᠤᠷᠭ᠎ᠠ ᠶᠢᠨ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠪᠠ ᠰᠢᠯᠢᠳᠡᠭ | ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ ᠢ ᠪᠡᠶ᠎ᠡ ᠪᠠᠨ ᠳᠠᠭᠠᠭᠠᠨ ᠬᠥᠮᠦᠵᠢᠭᠦᠯᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠥᠪᠡᠷ ᠤᠨ ᠮᠡᠷᠭᠡᠵᠢᠯ ᠤᠨ ᠠᠵᠢᠯᠴᠢᠨ ᠢ ᠬᠥᠮᠦᠵᠢᠭᠦᠯᠦᠨ᠂ ᠪᠠᠷᠢᠯᠭ᠎ᠠ ᠶᠢᠨ ᠠᠵᠤ ᠦᠢᠯᠡᠰ ᠤᠨ | ᠠᠵᠢᠯᠴᠢᠨ ᠤ ᠡᠩᠨᠡᠭᠡ ᠶᠢ ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 13. ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠪᠠᠷᠢᠯᠭ᠎ᠠ ᠶᠢᠨ ᠮᠠᠲ᠋ᠧᠷᠢᠶᠠᠯ ᠵᠢᠴᠢ ᠦᠢᠯᠡᠴᠢᠯᠡᠭᠡᠨ ᠤ ᠲᠥᠪᠯᠡᠷᠡᠭᠦᠯᠦᠨ ᠮᠠᠯᠲᠠᠬᠤ ᠲᠠᠪᠴᠠᠩ ᠢ | ᠳᠡᠯᠭᠡᠷᠡᠭᠦᠯᠦᠨ ᠬᠡᠷᠡᠭᠯᠡᠵᠦ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠮᠠᠲ᠋ᠧᠷᠢᠶᠠᠯ ᠬᠠᠩᠭᠠᠬᠤ ᠠᠵᠤ | ᠠᠬᠤᠶᠢᠯᠠᠯ ᠵᠢᠴᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ | ᠡᠮᠬᠢᠯᠡᠨ ᠨᠡᠶᠢᠯᠡᠭᠦᠯᠵᠦ ᠨᠡᠪᠲᠡᠷᠡᠭᠦᠯᠦᠨ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠬᠥᠭᠵᠢᠯᠲᠡ ᠶᠢ | ᠠᠬᠢᠭᠤᠯᠵᠤ᠂ ᠮᠥᠩᠭᠦᠨᠭᠦ᠋ᠢᠯᠭᠡᠭᠡᠨ ᠤ ᠪᠠᠶᠢᠭᠤᠯᠤᠮᠵᠢ ᠵᠢᠴᠢ ᠪᠠᠯᠠ ᠣᠷᠣᠭᠤᠯᠤᠭᠰᠠᠨ ᠠᠵᠤ ᠠᠬᠤᠶᠢᠯᠠᠯ ᠬᠢᠭᠡᠳ | ᠲᠠᠪᠴᠠᠩ ᠤᠨ ᠬᠠᠮᠲᠤᠷᠠᠯᠴᠠᠭ᠎ᠠ ᠶᠢ ᠶᠡᠬᠡᠪᠡᠷ ᠳᠡᠮᠵᠢᠵᠦ᠂ ᠣᠷᠣᠨ ᠨᠤᠲᠤᠭᠴᠢᠯᠠᠨ ᠡᠵᠡᠩᠨᠡᠬᠦ᠂ ᠥᠪᠡᠷ ᠤᠨ ᠥᠷᠲᠡᠭ ᠢ | ᠪᠠᠭᠤᠷᠠᠭᠤᠯᠬᠤ᠂ ᠶᠠᠰᠤ ᠴᠢᠨᠠᠷ ᠢ ᠪᠠᠲᠤᠯᠠᠬᠤ᠂ ᠦᠷ᠎ᠡ ᠠᠰᠢᠭ ᠢ ᠨᠡᠮᠡᠭᠳᠡᠭᠦᠯᠬᠦ ᠶᠢ ᠬᠡᠷᠡᠭᠵᠢᠭᠦᠯᠦᠨ᠂ ᠭᠠᠶᠢᠯᠢ | ᠲᠠᠲᠠᠪᠤᠷᠢ ᠶᠢ ᠲᠣᠰ ᠭᠠᠵᠠᠷ ᠲᠤᠨᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ | ᠮᠥᠩᠭᠦᠨ ᠭᠦᠢᠯᠭᠡᠭᠡᠨ ᠤ ᠠᠯᠪᠠᠨ ᠬᠡᠷ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ᠳᠥᠷᠪᠡ᠂ ᠪᠠᠲᠤᠯᠠᠭ᠎ᠠ ᠶᠢᠨ ᠲᠣᠭᠲᠠᠴᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ᠠᠶᠢᠮᠠᠭ ᠬᠤᠰᠢᠭᠤ ᠬᠤᠶᠠᠷ ᠱᠠᠲᠤᠨ ᠤ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠥᠷᠳᠡᠵᠦ ᠰᠢᠮᠳᠠᠭᠤᠯᠤᠨ | ᠭᠦᠢᠴᠡᠳᠭᠡᠬᠦ ᠶᠢ ᠴᠢᠩᠭᠠᠳᠬᠠᠨ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ | ᠲᠤᠬᠠᠶ ᠳᠤᠨᠢ ᠡᠵᠡᠮᠰᠢᠨ ᠳᠣᠭᠢᠷᠠᠭᠤᠯᠤᠨ᠎ᠠ᠃ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠠᠵᠢᠯ ᠤᠨ ᠬᠠᠷᠠᠯᠲᠠ ᠳᠤ ᠣᠷᠣᠭᠤᠯᠵᠤ᠂ | ᠲᠣᠰ ᠭᠠᠵᠠᠷ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠨ᠎ᠡ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ᠂ ᠢᠳᠡᠪᠬᠢᠲᠡᠶ ᠪᠠᠷ ᠳᠡᠮᠵᠢᠨ ᠬᠠᠮᠵᠢᠯᠴᠠᠵᠤ᠂ ᠲᠣᠰ ᠠᠵᠢᠯᠯᠠᠭ᠎ᠠ ᠶᠢᠨ ᠲᠥᠯᠥᠪᠯᠡᠭᠡ ᠳᠠᠬᠢ ᠬᠤᠯᠪᠣᠭᠳᠠᠯ | ᠪᠥᠬᠦᠶ ᠡᠳ᠋ ᠤᠨ ᠵᠠᠰᠠᠭ᠂ ᠮᠥᠩᠭᠦᠨ ᠭᠦᠢᠯᠬᠡᠭᠡᠨ ᠂ ᠭᠠᠵᠠᠷ ᠬᠡᠷᠡᠭᠯᠡᠬᠦ᠂ ᠬᠢᠨᠠᠨ ᠵᠥᠪᠰᠢᠶᠡᠷᠡᠬᠦ ᠵᠡᠷᠭᠡ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠢ ᠳᠤᠲᠠᠭᠤ ᠲᠤᠷᠭᠤᠨ ᠣᠷᠣᠭᠤᠯᠵᠤ ᠢᠷᠡᠬᠦ᠂ ᠦᠯᠡᠳᠡᠭᠡᠵᠦ᠂ ᠲᠡᠳᠬᠦᠵᠦ᠂ ᠬᠦᠴᠦᠷᠬᠡᠭᠵᠢᠭᠦᠯᠵᠦ᠂ | ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠳᠥᠯᠭᠢᠨ | ᠠᠬᠢᠭᠤᠯᠵᠤ᠂ ᠪᠥᠬᠦ ᠠᠶᠢᠮᠠᠭ ᠤᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ | ᠲᠡᠳᠬᠦᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠭᠤᠷᠪᠠ︶ ᠱᠠᠩᠨᠠᠵᠤ ᠲᠤᠰᠠᠯᠠᠬᠤ ᠪᠡᠯᠡ ᠮᠥᠩᠭᠦ ᠶᠢᠨ ᠢᠷᠡᠯᠲᠡ ᠬᠢᠭᠡᠳ ᠤᠯᠭᠤᠯᠳᠠ | ᠲᠣᠰ ᠲᠥᠯᠥᠪᠯᠡᠭᠡ ᠳᠤ ᠲᠣᠭᠲᠠᠭᠠᠭᠰᠠᠨ ᠪᠣᠳᠠᠲᠠᠶ ᠲᠤᠭ᠎ᠠ ᠬᠡᠮᠵᠢᠶ᠎ᠡ ᠶᠢᠨ ᠨᠢᠭᠡ ᠤᠳᠠᠭ᠎ᠠ ᠶᠢᠨ ᠴᠢᠨᠠᠷᠲᠠᠶ | ᠱᠠᠩᠨᠠᠯ ᠤᠨ ᠪᠠᠯᠠ ᠮᠥᠩᠭᠦ ᠶᠢ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠱᠠᠩᠨᠠᠯ ᠤᠨ ᠪᠠᠯᠠ ᠮᠥᠩᠭᠦ ᠶᠢ ᠬᠠᠷᠢᠶ᠎ᠠ | ᠭᠠᠵᠠᠷ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠱᠠᠲᠤᠨ ᠤ ᠬᠤᠯᠪᠣᠭᠳᠠᠯ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠭᠰᠠᠨ ᠪᠠᠶᠢᠪᠠᠯ᠂ | ᠥᠨᠳᠥᠷ ᠢ ᠨᠢ ᠲᠣᠭᠲᠠᠭᠠᠬᠤ ᠵᠠᠷᠴᠢᠮ ᠶᠣᠰᠣᠭᠠᠷ᠂ ᠳᠠᠪᠬᠤᠷᠳᠠᠭᠤᠯᠤᠨ ᠱᠠᠩᠨᠠᠬᠤ ᠥᠬᠡᠶ᠃ ᠪᠤᠰᠤᠳ ᠬᠠᠷᠠᠭᠠᠯᠵᠠᠯ | ᠦᠵᠡᠭᠦᠯᠬᠦ ᠲᠦᠷᠦ ᠶᠢᠨ ᠪᠤᠳᠤᠯᠭ᠎ᠠ ᠨᠢ ᠡᠭᠦᠨ ᠲᠠᠢ ᠨᠢᠭᠡᠳᠦᠯ ᠦᠭᠡᠢ ᠪᠠᠶᠢᠪᠠᠯ᠂ ᠲᠤᠰ ᠲᠥᠯᠥᠪᠯᠡᠭᠡ ᠪᠠᠷ ᠪᠠᠷᠢᠮᠵᠢᠶ᠎ᠠ | ᠪᠣᠯᠭᠠᠨ᠎ᠠ᠃ | ︵ᠲᠦᠷᠪᠡ︶ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠨ᠎ᠠ | ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠦᠬᠦᠨ ᠲᠤᠰ ᠵᠢᠯ ᠳᠤ ᠦᠢᠯᠡᠳᠪᠦᠷᠢᠯᠡᠯ ᠤᠨ ᠠᠶᠤᠯ | ᠦᠭᠡᠢ ᠶᠢᠨ ᠬᠦᠨᠳᠦ ᠶᠡᠭᠡ ᠡ᠊ᠨᠳᠡᠯ ᠪᠤᠶᠤ ᠪᠠᠷᠢᠯᠭ᠎ᠠ ᠶᠢᠨ ᠶᠠᠰᠤ ᠴᠢᠨᠠᠷ ᠤᠨ ᠬᠦᠨᠳᠦ ᠶᠡᠭᠡ ᠠᠰᠠᠭᠤᠳᠠᠯ ᠭᠠᠷᠴᠤ᠂ | ᠳᠠᠭᠠᠭᠠᠴᠢᠯᠠᠯᠲᠠ ᠵᠠᠷᠯᠠᠬᠤ ᠶᠠᠪᠤᠴᠠ ᠳᠤ ᠳᠠᠭᠠᠭᠠᠴᠢᠯᠠᠯᠲᠠ ᠶᠢ ᠬᠦᠷᠢᠶᠡᠯᠡᠬᠦ᠂ ᠳᠠᠭᠠᠭᠠᠴᠢᠯᠠᠯᠲᠠ ᠶᠢ | ᠰᠥᠯᠪᠡᠭᠡᠯᠳᠦᠨ ᠪᠠᠶᠢᠴᠠᠭᠠᠨ ᠰᠢᠢᠳᠪᠦᠷᠢᠯᠡᠭᠳᠡᠵᠦ ᠂ ᠭᠠᠶᠢᠯᠢ ᠢ ᠳᠠᠷᠤᠬᠤ᠂ ᠬᠡᠭᠡᠯᠢ ᠲᠦᠯᠬᠢᠬᠦ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠪᠠᠶᠢᠴᠠᠭᠠᠨ ᠰᠢᠢᠳᠪᠦᠷᠢᠯᠡᠭᠳᠡᠭᠰᠡᠨ ᠂ ᠡᠰᠡᠬᠦᠯ᠎ᠡ | ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨᠨ ᠴᠠᠯᠢᠩ ᠢ ᠥᠷᠢᠲᠦᠭᠰᠡᠨ ᠠᠴᠠ ᠪᠣᠯᠣᠭᠠᠳ ᠢᠲᠡᠭᠡᠮᠵᠢ ᠪᠠᠷ 6 | ᠰᠠᠷ᠎ᠠ ᠠᠴᠠ ᠳᠡᠭᠡᠭᠰᠢ ᠮᠠᠭᠤ ᠲᠡᠮᠳᠡᠭᠯᠡᠭᠳᠡᠭᠰᠡᠨ ᠪᠣᠯ ᠲᠤᠰ ᠲᠥᠯᠥᠪᠯᠡᠭᠡ ᠶᠢᠨ ᠠᠯᠢᠪᠠ ᠬᠠᠷᠠᠭᠠᠯᠵᠠᠯ ᠤᠨ ᠲᠦᠷᠦ | ᠶᠢᠨ ᠪᠤᠳᠤᠯᠭ᠎ᠠ ᠶᠢ ᠬᠦᠷᠳᠡᠵᠦ ᠪᠣᠯᠬᠤ ᠦᠭᠡᠢ᠃ | ︵ᠲᠠᠪᠤ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠢᠲᠡᠭᠡᠯ ᠵᠣᠷᠢᠭ ᠢ ᠬᠥᠭᠵᠢᠭᠡᠬᠦ ᠬᠡᠷᠡᠭᠲᠡᠶ᠃ ᠪᠠᠷᠢᠯᠭ᠎ᠠ ᠶᠢᠨ ᠦᠢᠯᠡᠰ ᠤᠨ ᠰᠢᠯᠢᠳᠡᠭ ᠠᠵᠤ ᠠᠬᠤᠶᠢᠯᠠᠯ ᠢ ᠰᠣᠩᠭᠤᠨ | ᠪᠠᠶᠢᠭᠤᠯᠵᠤ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠬᠦ ᠶᠢᠨ ᠬᠠᠮᠲᠤ ᠲᠡᠷᠡ ᠬᠡᠪ ᠢᠶᠠᠷ ᠨᠢ ᠳᠡᠯᠭᠡᠷᠡᠭᠦᠯᠬᠦ | ᠬᠡᠷᠡᠭᠲᠡᠶ᠃ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ | ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠲᠦᠷᠦ ᠶᠢᠨ ᠪᠤᠳᠤᠯᠭ᠎ᠠ ᠠᠷᠭ᠎ᠠ | ᠬᠡᠮᠵᠢ᠊ ᠡᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠵᠢᠷᠭᠤᠭ᠎ᠠ︶ ᠲᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ | ᠲᠣᠰ ᠲᠥᠯᠥᠪᠯᠡᠭᠡ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ | ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ | 2023 ᠣᠨ ᠤ 12 ᠰᠠᠷ᠎ᠠ ᠶᠢᠨ 29 ᠤ ᠡᠳᠦᠷ ᠳᠠᠷᠤᠮᠠᠯᠯᠠᠨ | ᠲᠠᠷᠬᠠᠭᠠᠪᠠ | | |