| | 8 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠷᠠᠰᠢᠶᠠᠨ ᠬᠤᠲᠠ ᠨᠢ ᠲᠡᠭᠦᠨ ᠤ ᠥᠪᠡᠷᠮᠢᠴᠡ | ᠣᠨᠴᠠᠯᠢᠬᠳᠣ ᠵᠤᠨ ᠤ ᠣᠯᠠᠷᠢᠯ ᠳᠤ ᠨᠢᠭᠡ ᠤᠳᠠᠭᠠᠨ ᠤ ᠪᠡᠶ᠎ᠡ ᠶᠢᠨ ᠲᠠᠮᠢᠷ ᠪᠣᠯᠤᠨ ᠰᠣᠶᠣᠯ ᠵᠢᠭᠤᠯᠴᠢᠯᠠᠯ ᠤᠨ | ᠭᠠᠶᠢᠬᠠᠮᠰᠢᠬᠳᠣ ᠰᠠᠶᠢᠬᠠᠨ ᠤᠴᠠᠷᠠᠯ ᠢ ᠠᠪᠴᠢᠷᠡᠯᠠ᠃ ᠲᠠᠷᠣᠢ 2024 ︽ᠷᠡᠰᠢᠶᠠᠨ 1198︾ ᠬᠤᠨᠳᠠᠭᠠᠲᠤ | ᠷᠠᠰᠢᠶᠠᠨ ᠮᠠᠷᠠᠽᠣᠨ ᠤ ᠤᠷᠤᠯᠳᠤᠭᠠᠨ ᠢ ᠳᠠᠬᠢᠨᠲᠠ ᠤᠭᠲᠤᠪᠠ᠃ ᠲᠤᠰ ᠤᠳᠠᠭᠠᠨ ᠤ ᠤᠷᠤᠯᠳᠤᠭᠠᠨ ᠳᠤ ᠡᠷᠡᠭᠲᠡᠢ | ᠡᠮᠡᠭᠲᠡᠢ ᠶᠢᠨ ᠪᠦᠬᠦ ᠵᠠᠮ ᠤᠨ ᠷᠠᠰᠢᠶᠠᠨ ᠮᠠᠷᠠᠽᠣᠨ᠂ ᠬᠠᠭᠠᠰ ᠵᠠᠮ ᠤᠨ ᠷᠠᠰᠢᠶᠠᠨ ᠮᠠᠷᠠᠽᠣᠨ ᠪᠠ ᠪᠠᠶᠠᠷ ᠪᠠᠶᠠᠰᠤᠯᠳᠣ | ᠬᠦᠶᠣᠯᠳᠡ ᠭᠡᠬᠦ ᠭᠤᠷᠪᠠᠨ ᠳᠤᠭᠤᠶᠢᠯᠠᠩ ᠲᠣᠬᠢᠷᠠᠭᠤᠯᠵᠠᠢ᠃ 2000 ᠣᠨ ᠳᠤ ᠰᠢᠳ᠋ᠨᠢ ᠶᠢᠨ ᠣᠯᠢᠮᠫᠢᠺ ᠤᠨ | ᠲᠠᠮᠢᠷ ᠤᠨ ᠴᠤᠭᠯᠠᠭᠠᠨ ᠤ ᠤᠷᠤᠯᠳᠤᠭᠠᠨ ᠤ ᠮᠠᠩᠯᠠᠢ ᠸᠠᠩ ᠯᠢ ᠫᠢᠩ᠂ ᠬᠠᠭᠠᠰ ᠵᠠᠮ ᠤᠨ ᠮᠠᠷᠠᠽᠣᠨ ᠤ | ᠣᠷᠣᠯᠳᠣᠭᠠᠨ ᠤ ᠤᠯᠤᠰ ᠤᠨ ᠲᠡᠮᠳᠡᠭᠯᠡᠯ ᠢ ᠬᠠᠳᠡᠭᠠᠯᠠᠬᠴᠢ ᠫᠧᠩ ᠵᠢᠶᠠᠨ ᠬᠤᠸᠠ᠂ ᠪᠦᠬᠦ ᠠᠯᠳᠡᠨ ᠮᠧᠳᠡᠯ ᠢ | ᠣᠯᠣᠬᠰᠠᠨ ᠵᠢᠷᠭᠤᠭᠠᠨ ᠣᠳᠣᠨ ᠲᠠᠰ ᠤᠨ ᠭᠦᠶᠦᠯᠲᠡ ᠶᠢᠨ ᠲᠠᠮᠢᠷᠴᠢᠨ ᠯᠢ ᠰᠢᠶᠣᠣ ᠪᠠᠢ ᠵᠡᠷᠭᠡ ︽ᠭᠦᠶᠦᠯᠳᠡ︾ | ᠶᠢᠨ ᠨᠡᠷᠡᠲᠣ ᠲᠠᠮᠢᠷᠴᠢᠨ ᠬᠢᠭᠡᠳ 2024 ᠣᠨ ᠳᠤ ᠪᠡᠭᠡᠵᠢᠩ ᠤᠨ ᠬᠠᠭᠠᠰ ᠵᠠᠮ ᠤᠨ ᠮᠠᠷᠠᠽᠣᠨ ᠤ | ᠣᠷᠣᠯᠳᠣᠭᠠᠨ ᠤ ᠳᠡᠳ᠋ᠯᠡᠭᠴᠢ ᠸᠠᠩ ᠯᠢᠶᠠᠨ ᠵᠧᠩ ᠵᠡᠷᠭᠡ 10 ᠭᠠᠷᠤᠢ ᠣᠳᠣᠨ ᠲᠠᠮᠢᠷᠴᠢᠳ ᠤᠷᠤᠯᠳᠤᠭᠠᠨ ᠤ | ᠲᠠᠯᠠᠪᠠᠢ ᠳᠤ ᠴᠤᠭᠯᠠᠷᠡᠵᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠠᠮᠢᠷᠴᠢᠨ ᠵᠢᠴᠢ ᠵᠢᠭᠤᠯᠴᠢᠯᠠᠬᠰᠠᠳ | ᠲᠦᠮᠡ ᠭᠠᠷᠤᠢ ᠬᠥᠮᠦᠰ ᠲᠣᠰ ᠤᠳᠠᠭᠠᠨ ᠤ ᠪᠡᠶ᠎ᠡ ᠶᠢᠨ ᠲᠠᠮᠢᠷ ᠤᠨ ᠦᠪᠡᠳᠡᠭᠰᠢ ᠶᠡᠭᠡ ᠴᠤᠭᠯᠠᠭᠠᠨ ᠳᠤ ᠣᠷᠣᠯᠴᠠᠪᠡ᠃ | ᠦᠳᠡ ᠶᠢᠨ ᠡᠮᠦᠨᠡᠬᠢ 8 ᠴᠠᠭ ᠲᠤ᠂ ᠮᠠᠷᠠᠽᠣᠨ ᠤ ᠤᠷᠤᠯᠳᠤᠭᠠᠨ᠂ ᠬᠠᠭᠠᠰ ᠵᠠᠮ ᠤᠨ ᠮᠠᠷᠠᠽᠤᠨ ᠵᠢᠴᠢ ᠪᠠᠶᠠᠷ | ᠪᠠᠶᠠᠰᠤᠯᠳᠣ ᠭᠦᠶᠦᠯᠲᠡ ᠵᠢᠩᠬᠢᠨᠢ ᠪᠠᠷ ᠡᠬᠢᠯᠡᠪᠡ᠃ ᠤᠷᠤᠯᠳᠤᠭᠠᠨ ᠳᠤ ᠣᠷᠣᠯᠴᠠᠭᠰᠠᠳ ᠷᠠᠰᠢᠶᠠᠨ ᠬᠤᠲᠠ ᠶᠢᠨ | ᠱᠧᠩ ᠴᠢᠤᠸᠠᠨ ᠲᠠᠯᠠᠪᠠᠢ ᠠᠴᠠ ᠭᠠᠷᠴᠣ᠂ ᠮᠠᠷᠠᠽᠣᠨ ᠤ ᠣᠷᠣᠯᠳᠣᠭᠠᠨ ᠢᠶᠠᠨ ᠡᠬᠢᠯᠡᠬᠦᠯᠪᠡ᠃ ᠰᠡᠷᠢᠭᠦᠨ | ᠲᠠᠭᠠᠯᠠᠮᠵᠢᠲᠠᠢ ᠠᠭᠤᠷ ᠠᠮᠢᠰᠬᠤᠯ᠂ ᠰᠠᠶᠢᠨ ᠰᠠᠶᠢᠬᠠᠨ ᠠᠮᠢ ᠠᠬᠤᠢ ᠪᠣᠯᠤᠨ ᠦᠵᠡᠰᠬᠦᠯᠡᠩᠲᠦ ᠰᠠᠶᠢᠬᠠᠨ | ᠦᠵᠡᠮᠵᠢ ᠨᠢ ᠵᠤᠨ ᠤ ᠤᠯᠠᠷᠢᠯ ᠤᠨ ᠮᠠᠷᠠᠽᠣᠨ ᠤ ᠤᠷᠤᠯᠳᠤᠭᠠᠨ ᠳᠤ ᠥᠪᠡᠷᠮᠢᠴᠡ ᠣᠷᠴᠢᠨ ᠲᠣᠭᠤᠷᠢᠨ ᠢ ᠬᠠᠩᠭᠠᠵᠠᠢ | ᠃ ᠤᠷᠤᠯᠳᠤᠭᠠᠨ ᠤ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠭᠦᠢᠴᠡᠳ ᠪᠠᠲᠤᠯᠠᠬᠤ ᠶᠢᠨ ᠲᠥᠯᠥᠭᠡ᠂ | ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠡᠮ ᠡᠮᠨᠡᠯᠭᠡ᠂ ᠡᠷᠡᠭᠦᠯ ᠬᠠᠮᠠᠭᠠᠯᠠᠯ | ᠵᠡᠷᠭᠡ ᠣᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠯᠪᠣᠭᠠᠯᠠᠨ ᠬᠥᠳᠡᠯᠦᠯᠴᠡᠵᠦ᠂ ᠤᠷᠤᠯᠳᠤᠭᠠᠨ ᠤ | ᠶᠠᠪᠤᠴᠠ᠂ ᠵᠠᠮ ᠬᠠᠷᠢᠯᠴᠠᠭᠠᠨ ᠤ ᠵᠢᠯᠣᠭᠤᠳᠣᠯᠭ᠎ᠠ᠂ ᠡᠮ ᠡᠮᠨᠡᠯᠭᠡ ᠶᠢᠨ ᠲᠦᠷᠭᠡᠨ ᠠᠪᠤᠷᠠᠯᠲᠠ᠂ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠶᠢᠨ ᠲᠣᠭᠤᠷᠢᠨ ᠳᠤ ᠨᠠᠷᠢᠨ ᠨᠢᠮᠪᠠᠶ | ᠲᠣᠬᠢᠷᠠᠭᠤᠯᠤᠯᠲᠠ ᠬᠢᠵᠦ᠂ ᠨᠠᠷᠢᠨ ᠨᠢᠬᠳᠡ ᠪᠠᠶᠢᠷᠢᠯᠠᠭᠤᠯᠪᠠ᠃ ᠪᠦᠬᠦ ᠶᠠᠪᠤᠴᠠ ᠳᠤ ᠨᠡᠶᠢᠲᠡ 16 ᠨᠥᠬᠦᠨ | ᠬᠠᠩᠭᠠᠯᠳᠡ ᠶᠢᠨ ᠥᠷᠲᠡᠭᠡ ᠭᠠᠷᠭᠠᠵᠤ᠂ 550 ᠭᠠᠷᠤᠶ ᠰᠠᠶᠢᠨ ᠳᠤᠷ᠎ᠠ ᠶᠢᠨ ᠦᠢᠯᠡᠴᠢᠯᠡᠭᠴᠢ ᠂ ᠣᠯᠡᠨ | ᠬᠦᠳᠡᠯᠥᠩᠬᠦᠢ ᠡᠮᠴᠢᠯᠡᠭᠡᠨ ᠤ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠵᠣ᠂ ᠪᠠᠰᠠ ᠤᠷᠤᠯᠳᠤᠭᠠᠨ ᠠᠴᠠ | ᠡᠮᠦᠨ᠎ᠡ ᠤᠷᠤᠯᠳᠤᠭᠠᠨ ᠳᠤ ᠣᠷᠣᠯᠴᠠᠭᠰᠠᠳ ᠲᠤ ᠷᠠᠰᠢᠶᠠᠨ ᠤᠰᠤ᠂ ᠷᠠᠰᠢᠶᠠᠨ ᠤ ᠤᠯᠤᠰ ᠤᠨ ᠲᠠᠰ ᠤᠨ ᠣᠶ | ᠰᠢᠭᠤᠶ ᠶᠢᠨ ᠴᠡᠴᠡᠷᠯᠢᠭ ᠵᠡᠷᠭᠡ ᠣᠯᠠᠨ ᠨᠠᠷᠠᠲᠤ ᠦᠵᠡᠮᠵᠢ ᠶᠢᠨ ᠭᠠᠵᠠᠷ ᠤᠨ ᠬᠠᠭᠠᠰ ᠦᠨ᠎ᠡ ᠶᠢᠨ ᠡᠭᠦᠳᠡᠨ ᠪᠢᠯᠧᠲ | ᠵᠢᠴᠢ ᠪᠤᠰᠤᠳ ᠡᠳ᠋ ᠪᠣᠳᠠᠰ ᠤᠨ ᠪᠣᠭᠴᠤ ᠶᠢ ᠲᠠᠷᠬᠠᠭᠠᠵᠤ᠂ ᠪᠥᠬᠦ ᠬᠦᠴᠦᠨ ᠢᠶᠠᠷ ᠢᠶᠠᠨ ᠮᠠᠷᠠᠽᠤᠨ ᠤ | ᠤᠷᠤᠯᠳᠤᠭᠠᠨ ᠢ ᠲᠠᠮᠵᠢᠵᠡᠢ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠬᠤᠸᠠᠩ ᠰᠢᠨ 1 ᠴᠠᠭ | 15 ᠮᠢᠨᠦ᠋ᠲ 26 ᠰᠧᠺᠦ᠋ᠨ᠋ᠳ᠋ ᠤᠨ ᠬᠢᠷᠢ ᠪᠦᠲᠦᠮᠵᠢ ᠪᠠᠷ ᠡᠮᠡᠭᠲᠡᠶ ᠶᠢᠨ ᠬᠠᠭᠠᠰ ᠵᠠᠮ ᠤᠨ ᠣᠷᠣᠯᠳᠣᠭᠠᠨ ᠤ | ᠮᠠᠩᠯᠠᠶ ᠶᠢ ᠰᠢᠬᠦᠷᠡᠪᠡ︔ ᠴᠧᠨ ᠪᠦᠸᠧ ᠹᠠ 1 ᠴᠠᠭ 6 ᠮᠢᠨᠦ᠋ᠲ 34 ᠰᠧᠺᠦ᠋ᠨ᠋ᠳ᠋ ᠲᠤ ᠡᠷᠡᠭᠲᠡᠶ ᠶᠢᠨ ᠬᠠᠭᠠᠰ | ᠵᠠᠮ ᠤᠨ ᠣᠷᠣᠯᠳᠣᠭᠠᠨ ᠤ ᠭᠤᠷᠪᠠᠳᠤᠭᠠᠷ ᠲᠤ ᠣᠷᠣᠪᠠ︔ ᠰᠢᠤᠢ ᠸᠠᠩ 2 ᠴᠠᠭ 21 ᠮᠢᠨᠦ᠋ᠲ 9 ᠰᠧᠺᠦ᠋ᠨ᠋ᠳ᠋ ᠤᠨ | ᠬᠢᠷᠢ ᠪᠦᠲᠦᠮᠵᠢ ᠪᠠᠷ ᠡᠷᠡᠭᠲᠡᠶ ᠶᠢᠨ ᠪᠦᠬᠦ ᠵᠠᠮ ᠤᠨ ᠣᠷᠣᠯᠳᠣᠭᠠᠨ ᠤ ᠳᠥᠷᠪᠡᠳᠦᠭᠡᠷ ᠲᠤ ᠣᠷᠣᠪᠠ︔ ᠲᠣᠩᠭᠠᠯᠠᠭ 2 | ᠴᠠᠭ 49 ᠮᠢᠨᠦ᠋ᠲ 29 ᠰᠧᠺᠦ᠋ᠨ᠋ᠳ᠋ ᠤᠨ ᠬᠢᠷᠢ ᠪᠦᠲᠦᠮᠵᠢ ᠪᠠᠷ ᠡᠮᠡᠭᠲᠡᠶ ᠶᠢᠨ ᠪᠦᠬᠦ ᠵᠠᠮ ᠤᠨ ᠣᠷᠣᠯᠳᠣᠭᠠᠨ ᠤ | ᠳᠥᠷᠪᠡᠳᠦᠭᠡᠷ ᠨᠡᠷᠡᠰ ᠲᠤ ᠣᠷᠣᠪᠠ᠃ ᠬᠠᠮᠢᠶ᠎ᠠ ᠪᠦᠬᠦᠢ ᠳᠤᠭᠤᠶᠢᠯᠠᠩ ᠤᠨ ᠪᠤᠰᠤᠳ ᠱᠠᠩᠨᠠᠯ ᠢ ᠺᠧᠨᠢᠶᠠ ᠠᠴᠠ | ᠢᠷᠡᠭᠰᠡᠨ ᠣᠯᠠᠨ ᠤᠯᠤᠰ ᠤᠨ ᠲᠠᠮᠢᠷᠴᠢᠳ ᠱᠠᠩᠨᠠᠯ ᠢ ᠬᠦᠷᠳᠡᠭᠰᠠᠨ ᠪᠠᠶᠢᠨ᠎ᠠ᠃ ᠪᠦᠬᠦ ᠪᠥᠮᠪᠥᠷᠴᠡᠭ ᠤᠨ ᠡᠯ᠎ᠡ | ᠭᠠᠵᠠᠷ ᠤᠨ ᠲᠠᠮᠢᠷᠴᠢᠳ ᠴᠤᠭ ᠵᠢᠪᠬᠤᠭ᠎ᠠ ᠪᠠᠨ ᠪᠠᠳᠠᠷᠠᠭᠤᠯᠵᠤ᠂ ᠨᠥᠬᠦᠷᠯᠡᠯ ᠢᠶᠠᠨ ᠵᠤᠵᠠᠭᠠᠳᠬᠠᠵᠤ᠂ ᠰᠡᠷᠢᠭᠦᠨ | ᠲᠠᠭᠠᠯᠠᠮᠵᠢᠲᠠᠢ ᠷᠠᠰᠢᠶᠠᠨ ᠳᠤ ᠴᠥᠬᠦᠷᠡᠰᠢ ᠦᠭᠡᠢ ᠪᠠᠷᠢᠮᠲᠠᠯᠠᠯ᠂ ᠵᠣᠷᠢᠭᠲᠠᠢ ᠪᠠᠷ ᠰᠢᠪᠲᠤᠯᠬᠤ ᠪᠡᠶ᠎ᠡ ᠶᠢᠨ ᠲᠠᠮᠢᠷ ᠤᠨ | ᠵᠣᠷᠢᠭ ᠰᠠᠨᠠᠭ᠎ᠠ ᠶᠢ ᠢᠯᠡᠷᠡᠬᠦᠯᠵᠡᠢ᠃ ᠷᠠᠰᠢᠶᠠᠨ ᠬᠤᠳᠠ ︽ᠮᠠᠷᠠᠽᠣᠨ ᠤ ᠤᠷᠤᠯᠳᠤᠭᠠᠨ︾ ᠪᠠᠷ ᠠᠵᠠ ᠲᠤᠬᠢᠶᠠᠯ | ᠪᠤᠯᠭᠠᠵᠦ᠂ ᠪᠠᠶᠢᠭᠠᠯᠢ ᠶᠢᠨ ᠭᠠᠵᠠᠷ ᠵᠦᠢ ᠶᠢᠨ ᠡᠬᠢ ᠪᠠᠶᠠᠯᠢᠭ ᠢ ᠬᠦᠨ ᠠᠭᠤᠳᠠᠯᠵᠦ᠂ ᠦᠪᠡᠷᠮᠢᠴᠠ ᠤᠨᠴᠠᠯᠢᠭ᠂ | ᠦᠢᠯᠡᠴᠢᠯᠡᠭᠡ ᠪᠠᠳᠤᠯᠠᠭ᠎ᠠ ᠶᠢᠨ ᠲᠠᠯ᠎ᠠ ᠪᠠᠷ ᠬᠦᠴᠦ ᠤᠷᠤᠭᠤᠯᠵᠦ᠂ ᠮᠠᠷᠠᠽᠤᠨ ᠤ ᠤᠷᠤᠯᠳᠤᠭᠠᠨ ᠳᠤ ᠦᠪᠡᠷᠮᠢᠴᠡ ︽ | ᠷᠠᠰᠢᠶᠠᠨ ᠤ ᠵᠤᠷᠢᠭ ᠰᠠᠨᠠᠭ᠎ᠠ︾ ᠶᠢ ᠪᠠᠳᠡᠷᠡᠭᠤᠯᠵᠡᠢ᠃ ᠤᠷᠤᠯᠳᠤᠭᠠᠨ ᠠᠴᠠ ᠡᠮᠦᠨ᠎ᠡ᠂ ᠤᠷᠤᠯᠳᠤᠭᠠᠨ ᠤ ᠵᠠᠮ | ᠱᠤᠭᠤᠮ ᠢ ᠰᠢᠯᠢᠳᠡᠭᠵᠢᠭᠦᠯᠵᠦ᠂ ᠬᠠᠮᠤᠭ ᠤᠨ ᠭᠤᠶᠤ ᠤᠷᠤᠯᠳᠤᠭᠠᠨ ᠤ ᠵᠠᠮ ᠢ ᠵᠢᠷᠤᠵᠤ ᠲᠥᠯᠥᠪᠯᠡᠨ᠂ ᠵᠠᠮ | ᠱᠤᠭᠤᠮ ᠢ ᠮᠠᠰᠢ ᠣᠯᠠᠨ ᠥᠪᠡᠷᠮᠢᠴᠡ ᠷᠠᠰᠢᠶᠠᠨ ᠤ ᠦᠵᠡᠮᠵᠢ᠂ ᠱᠧᠩ ᠴᠢᠤᠸᠠᠨ ᠠᠭᠤᠳᠠᠮ ᠲᠠᠯᠠᠪᠠᠶ᠂ ᠣᠶ | ᠰᠢᠭᠤᠶ ᠶᠢᠨ ᠴᠠᠰᠤᠲᠤ ᠲᠠᠯ᠎ᠠ᠂ ᠬᠤᠸᠠ ᠬᠠᠶ ᠴᠡᠩᠭᠡᠯ ᠤᠨ ᠬᠦᠷᠢᠶᠡᠯᠡᠩ᠂ ᠡᠤ ᠯᠢ ᠴᠢᠤᠸᠠᠨ᠂ ᠪᠡᠶ᠎ᠡ ᠶᠢᠨ | ᠲᠠᠮᠢᠷ ᠤᠨ ᠴᠡᠴᠡᠷᠯᠢᠭ ᠵᠡᠷᠭᠡ ᠶᠢ ᠲᠣᠬᠢᠷᠡᠭᠤᠯᠵᠣ᠂ ᠪᠠᠭ᠎ᠠ ᠬᠤᠲᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ︽ | ᠰᠤᠪᠤᠳ ᠤᠨ ᠬᠡᠯᠬᠢᠶ᠎ᠠ︾ ᠮᠠᠳᠣ ᠬᠤᠯᠪᠣᠨ᠂ ᠲᠠᠮᠢᠷᠴᠢᠳ ᠤᠨ ᠷᠠᠰᠢᠶᠠᠨ ᠤ ᠪᠠᠶᠢᠭᠠᠯᠢ ᠪᠣᠯᠤᠨ ᠰᠣᠶᠣᠯ ᠤᠨ ᠭᠤᠸ᠎ᠠ | ᠰᠠᠶᠢᠬᠠᠨ ᠢ ᠰᠣᠨᠢᠷᠬᠠᠭᠤᠯᠪᠠ᠃ ᠭᠦᠶᠦᠯᠲᠡ ᠶᠢᠨ ᠵᠠᠮ ᠳᠡᠭᠡᠷ᠎ᠡ᠂ ᠨᠢᠳᠦᠨ ᠡᠮᠦᠨᠠᠬᠢ ᠦᠵᠡᠮᠵᠢ ᠨᠢ ᠵᠢᠷᠤᠭ ᠮᠠᠳᠣ | ᠲᠡᠯᠭᠡᠭᠳᠡᠵᠣ᠂ ᠴᠢᠬᠢᠨ ᠬᠠᠵᠠᠭᠤᠨ ᠳᠤ ᠪᠣᠭᠤ ᠶᠢᠨ ᠣᠷᠣᠮᠳᠡᠬᠤ ᠲᠠᠭᠤᠨ᠂ ᠰᠢᠪᠠᠭᠤ ᠶᠢᠨ ᠵᠢᠷᠬᠢᠨᠠᠬᠤ ᠳᠠᠭᠤᠨ᠂ | ᠠᠭᠤᠷ ᠠᠮᠢᠰᠬᠤᠯ ᠤᠨ ᠳᠤᠮᠳᠡᠬᠢ ᠴᠡᠴᠡᠭ ᠤᠨ ᠦᠨᠦᠷ ᠨᠢ ᠲᠠᠮᠢᠷᠴᠢᠳ ᠤᠨ ᠷᠠᠰᠢᠶᠠᠨ ᠤ ᠮᠠᠷᠠᠽᠣᠨ ᠳᠤ ᠤᠢ | ᠰᠢᠭᠤᠢ ᠶᠢᠨ ᠡᠷᠡᠭᠦᠯᠵᠢᠯ ᠤᠨ ᠤᠬᠢᠶᠠᠯᠭ᠎ᠠ ᠶᠢ ᠡᠳ᠋ᠯᠡᠬᠦᠯᠵᠡᠢ᠃ ᠷᠠᠰᠢᠶᠠᠨ ᠬᠤᠲᠠ ᠤᠮᠠᠷᠠᠲᠤ ᠥᠷᠭᠡᠷᠢᠭ ᠤᠨ 47 | ᠭᠷᠠᠳᠦ᠋ᠰ ᠲᠤ ᠪᠠᠶᠢᠷᠢᠯᠠᠵᠤ᠂ 8 ᠰᠠᠷ᠎ᠠ ᠶᠢᠨ ᠡᠳᠦᠷ ᠤᠨ ᠳᠤᠮᠳᠠᠴᠢ ᠬᠠᠮᠤᠭ ᠤᠨ ᠥᠨᠳᠥᠷ ᠠᠭᠠᠷ ᠤᠨ ᠳᠤᠯᠠᠭᠠᠨ 20 | ᠭᠷᠡᠳᠦ᠋ᠰ ᠪᠠᠶᠢᠵᠤ᠂ ᠪᠥᠬᠦ ᠬᠤᠲᠠ ᠶᠢᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 81.2%᠂ ᠪᠣᠬᠢᠷᠲᠤᠯ ᠥᠬᠡᠶ | ᠤᠷᠭᠤᠮᠠᠯ ᠤᠨ ᠬᠤᠴᠢᠯᠭ᠎ᠠ ᠶᠢᠨ ᠪᠦᠷᠬᠦᠴᠡ 95% ᠠᠴᠠ ᠳᠡᠭᠡᠭᠰᠢ ᠳᠤ ᠬᠦᠷᠴᠦ᠂ ᠰᠥᠭᠡᠷᠭᠦ | ᠬᠦᠴᠢᠯᠲᠥ᠋ᠷᠥᠭᠴᠢ ᠶᠢᠨ ᠢᠶᠤᠨ ᠤ ᠵᠢᠯ ᠳᠤᠮᠳᠠᠴᠢ ᠪᠠᠷ 2.3 ᠲᠦᠮᠡᠨ ᠪᠣᠰᠤᠭ᠎ᠠ ᠳᠥᠷᠪᠡᠯᠵᠢᠨ ᠮᠧᠳ᠋ᠷ ᠠᠴᠠ | ᠳᠠᠪᠠᠵᠤ᠂ ᠠᠭᠠᠷ ᠤᠨ ᠶᠠᠰᠤ ᠴᠢᠨᠠᠷ ᠤᠨ ᠬᠦᠢᠴᠡᠳᠬᠡᠯ ᠲᠤᠭ᠎ᠠ ᠣᠯᠠᠨ ᠤᠯᠤᠰ ᠤᠨ ᠴᠡᠪᠡᠷ ᠰᠢᠨ᠎ᠡ ᠠᠭᠠᠷ ᠤᠨ | ᠪᠠᠷᠢᠮᠵᠢᠶ᠎ᠠ ᠶᠢᠨ 3 ᠳᠠᠬᠢᠨ ᠠᠴᠠ ᠳᠡᠭᠡᠭᠰᠢ ᠪᠠᠶᠢᠵᠣ᠂ ᠬᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠢ ᠡᠷᠭᠢᠯᠡᠬᠦ | ᠪᠠᠶᠢᠭᠠᠯᠢ ᠶᠢᠨ ᠳᠠᠪᠠᠭᠤᠯᠢᠭ ᠨᠦᠬᠦᠴᠠᠯ ᠢ ᠪᠦᠷᠢᠯᠳᠣᠬᠦᠯᠵᠣ᠂ ︽ᠰᠡᠷᠢᠭᠦᠨ ᠮᠠᠷᠠᠽᠤᠨ︾ ᠨᠢ ᠨᠢᠭᠡᠨᠲᠡ ᠷᠠᠰᠢᠶᠠᠨ ᠤ | ᠨᠢᠭᠡᠨ ᠲᠣᠮᠣ ᠨᠠᠷᠠᠲᠤ ᠲᠡᠮᠳᠡᠭ ᠪᠣᠯᠤᠭᠰᠠᠨ ᠪᠠᠶᠢᠨ᠎ᠠ᠃ ᠤᠢᠢᠷ᠎ᠠ ᠶᠢᠨ ᠵᠢᠯ ᠠᠴᠠ ᠨᠠᠰᠢ᠂ ᠷᠠᠰᠢᠶᠠᠨ | ᠬᠤᠳᠠ ᠶᠢᠨ ᠬᠢᠨ ᠰᠣᠶᠣᠯ ᠵᠢᠭᠤᠯᠴᠢᠯᠠᠯ ᠤᠨ ᠤᠨᠴᠠᠯᠢᠬᠳᠤ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ | ᠡᠭᠦᠳᠴᠦ᠂ ︽ᠰᠣᠶᠣᠯ ᠵᠢᠭᠤᠯᠴᠢᠯᠠᠯ ᠤᠨ ᠤᠷᠤᠯᠳᠤᠭᠠᠨ︾᠂ ︽ᠪᠡᠶ᠎ᠡ ᠶᠢᠨ ᠲᠠᠮᠢᠷ ᠤᠨ ᠵᠢᠭᠤᠯᠴᠢᠯᠠᠯ︾ ᠤᠨ | ᠠᠷᠭ᠎ᠠ ᠬᠡᠯᠪᠡᠷᠢ ᠪᠠᠷ ︽ᠰᠣᠶᠣᠯ ᠵᠢᠭᠤᠯᠴᠢᠯᠠᠯ ᠤᠨ ᠠᠭᠤᠰᠤᠯᠴᠠᠯ᠂ ᠤᠷᠤᠯᠳᠤᠭᠠᠨ ᠢᠶᠠᠷ ᠵᠢᠭᠤᠯᠴᠢᠯᠠᠯ ᠢ ᠠᠬᠢᠭᠤᠯᠬᠤ | ︾ ᠶᠢ ᠭᠦᠨᠵᠡᠭᠡᠶᠢᠷᠡᠭᠦᠯᠵᠦ ᠪᠠᠶᠢᠨ᠎ᠠ᠂ ᠤᠷᠢᠳ ᠬᠤᠵᠢᠳ 2023 - 2024 ᠣᠨ ᠤ ᠤᠷᠤᠯᠳᠤᠭᠠᠨ ᠤ | ᠤᠯᠠᠷᠢᠯ ᠤᠨ ᠪᠦᠬᠦ ᠤᠯᠤᠰ ᠤᠨ ᠴᠢᠯᠥᠭᠡᠲᠦ ᠮᠠᠶ᠋ᠢᠭ ᠤᠨ ᠴᠠᠰᠤᠨ ᠳᠤ ᠭᠤᠯᠭᠤᠬᠤ ᠠᠭᠠᠷ ᠲᠠᠬᠢ ᠤᠷ᠎ᠠ ᠮᠡᠷᠭᠡᠵᠢᠯ ᠤᠨ | ᠵᠠᠯᠠᠭᠤᠴᠤᠳ ᠪᠠᠭᠠᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ 2024 ᠣᠨ ᠤ ᠳᠤᠮᠳᠠᠳᠤ ᠤᠯᠤᠰ · | ᠬᠢᠩᠭᠠᠨ ᠠᠶᠢᠮᠠᠭ ᠤᠨ ᠴᠠᠰᠤᠲᠤ ᠲᠠᠯ᠎ᠠ ᠶᠢᠨ ᠬᠥᠯ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠠᠷᠪᠠᠨ | ᠵᠢᠷᠭᠤᠳᠤᠭᠠᠷ ᠬᠤᠭᠤᠴᠠᠭᠠᠨ ᠤ ᠷᠠᠰᠢᠶᠠᠨ ᠤ ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠵᠢᠴᠢ ︽ | ᠬᠤᠭᠤᠰᠣᠨ ᠭᠤᠣ GO︾ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠵᠡᠷᠭᠡ ᠤᠯᠠᠨ ᠲᠦᠮᠡᠨ ᠤ ᠳᠤᠷ᠎ᠠ | ᠰᠣᠨᠢᠷᠬᠠᠯ ᠢ ᠶᠡᠬᠡᠳᠡ ᠲᠠᠲᠠᠵᠤ᠂ ᠵᠢᠭᠤᠯᠴᠢᠯᠠᠬᠰᠠᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠬᠢᠯᠡᠵᠦ᠂ | ᠷᠠᠰᠢᠶᠠᠨ ᠳᠤ ᠵᠤᠭᠠᠴᠠᠨ ᠰᠡᠯᠡᠭᠦᠴᠡᠬᠦ᠂ ᠵᠤᠭ᠎ᠠ ᠴᠡᠩᠭᠡᠯ ᠤᠨ ᠡᠷᠡᠭᠦᠯᠵᠢᠯ ᠢ ᠡᠳ᠋ᠯᠡᠭᠦᠯᠥᠭᠰᠠᠨ ᠢᠶᠠᠷ ᠪᠠᠷᠠᠬᠤ ᠦᠭᠡᠢ᠂ | ᠨᠡᠩ ᠴᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠣᠬᠦᠯᠵᠣ᠂ ᠤᠷᠤᠯᠳᠤᠭᠠᠨ ᠤ ︽ | ᠤᠷᠤᠰᠬᠠᠯ ᠤᠨ ᠬᠡᠮᠵᠢᠶ᠎ᠡ︾ ᠪᠠᠷ ᠰᠣᠶᠣᠯ ᠵᠢᠭᠤᠯᠴᠢᠯᠠᠯ ᠤᠨ ᠬᠦᠭᠵᠢᠯᠳᠡ ᠶᠢ ᠠᠬᠢᠭᠤᠯᠬᠤ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠵᠡᠢ᠃ | | |