ᠬᠤᠲᠠ ᠶᠢᠨ ᠬᠢᠨᠠᠨ ᠪᠤᠳᠤᠬᠤ ᠲᠣᠪᠴᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/8/14
        ᠣᠶᠢᠷ᠎ᠠ ᠳᠤ᠂ ᠷᠡᠰᠢᠶᠠᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠤᠳᠤᠷᠢᠳᠬᠤ ᠬᠥᠮᠦᠰ ᠤᠨ ᠲᠤᠰᠢᠶᠠᠯ ᠡᠭᠦᠷᠭᠡᠯᠡᠬᠦ ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠣᠬᠠᠢ ᠬᠢᠨᠠᠨ ᠪᠣᠳᠣᠯᠲᠠ ᠥᠷᠨᠢᠭᠦᠯᠪᠡ᠃ ᠡᠭᠦᠨ ᠤ ᠵᠣᠷᠢᠯᠭ᠎ᠠ ᠨᠢ ᠬᠢᠨᠠᠨ ᠪᠤᠳᠤᠯᠲᠠ ᠶᠢ ᠬᠦᠯᠢᠶᠡᠭᠰᠠᠨ ᠤᠳᠤᠷᠢᠳᠬᠤ ᠬᠥᠮᠦᠰ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠵᠢᠯ ᠤᠨ ᠠᠮᠵᠢᠯᠲᠠ ᠪᠦᠲᠦᠮᠵᠢ ᠶᠢ ᠪᠤᠰᠤᠳᠴᠢ ᠪᠠᠷ ᠦᠨᠡᠯᠡᠵᠦ᠂ ᠬᠠᠷᠢᠭᠤᠴᠠᠯᠭ᠎ᠠ ᠶᠢ ᠣᠨᠣᠪᠴᠢᠲᠠᠶ ᠵᠠᠭᠠᠭᠯᠠᠨ ᠲᠣᠭᠲᠠᠭᠠᠵᠤ᠂ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠶᠢᠨ ᠲᠥᠯᠥᠭᠡ ᠶᠤᠮ᠃ ᠨᠢᠭᠡ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠤᠨ ᠬᠥᠭᠵᠢᠯᠲᠡ ᠶᠢᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠪᠣᠯᠤᠨ ᠤᠯᠤᠰ ᠤᠨ ᠴᠢᠬᠤᠯᠠ ᠶᠡᠭᠡ ᠠᠵᠤ ᠠᠬᠤᠢ ᠶᠢᠨ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠪᠡ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠠᠨ ᠪᠠᠶᠢᠳᠡᠯ ᠢ ᠬᠢᠨᠠᠨ ᠪᠤᠳᠤᠵᠡᠢ᠃ ᠬᠤᠶᠠᠷ ᠲᠤ᠂ ᠠᠵᠤ ᠠᠬᠤᠶᠢᠯᠠᠯ ᠤᠨ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠬᠦ ᠬᠤᠭᠤᠴᠠᠭᠠᠨ ᠳᠠᠬᠢ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ᠂ ᠥᠷᠢᠲᠦᠯ᠂ ᠥᠮᠴᠢᠯᠡᠭᠴᠢ ᠶᠢᠨ ᠡᠷᠬᠡ ᠠᠰᠢᠭ ᠪᠠ ᠠᠰᠢᠭ ᠬᠤᠬᠢᠷᠠᠯ ᠤᠨ ᠦᠨᠡᠨ ᠪᠣᠳᠠᠲᠤ ᠴᠢᠨᠠᠷ ᠂ ᠬᠠᠤᠯᠢ ᠶᠣᠰᠣᠴᠢ ᠴᠢᠨᠠᠷ ᠪᠠ ᠦᠷ᠎ᠡ ᠠᠰᠢᠭ ᠤᠨ ᠴᠢᠨᠠᠷ ᠵᠢᠴᠢ ᠬᠤᠯᠪᠣᠭᠳᠠᠯ ᠪᠥᠬᠦᠶ ᠳᠣᠲᠣᠭᠠᠳᠤ ᠶᠢᠨ ᠡᠵᠡᠮᠳᠡᠯ ᠤᠨ ᠲᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠪᠠᠶᠢᠳᠠᠯ ᠳᠤ ᠬᠢᠨᠠᠯᠲᠠ ᠲᠠᠯᠪᠢᠬᠤ ᠪᠠ ᠦᠨᠡᠯᠡᠬᠦ ᠠᠵᠢᠯᠯᠠᠭ᠎ᠠ ᠬᠢᠵᠡᠢ᠃ ᠭᠤᠷᠪᠠ ᠳᠤ᠂ ᠬᠢᠨᠠᠨ ᠪᠤᠳᠤᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ ᠬᠢᠨᠠᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠢᠨᠠᠨ ᠪᠤᠳᠤᠬᠤ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠠᠭ ᠲᠤᠬᠠᠶ ᠳᠤᠨᠢ ᠬᠢᠨᠠᠨ ᠪᠤᠳᠤᠬᠤ ᠶᠢ ᠬᠦᠯᠢᠶᠡᠭᠰᠠᠨ ᠨᠢᠭᠡᠴᠢ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠤᠶᠤ ᠰᠠᠨᠠᠭᠤᠯᠭ᠎ᠠ ᠳᠤᠷᠠᠳᠬᠤ ᠶᠢᠨ ᠬᠠᠮᠳᠣ ᠬᠢᠨᠠᠨ ᠪᠤᠳᠤᠬᠤ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠬᠢᠨᠠᠨ ᠪᠤᠳᠤᠬᠤ ᠪᠠᠶᠢᠭᠤᠯᠭ᠎ᠠ ᠬᠢᠨᠠᠯᠲᠠ ᠲᠠᠯᠪᠢᠬᠤ ᠦᠢᠯᠡᠳᠦᠯ ᠢᠶᠠᠨ ᠪᠠᠳᠠᠷᠠᠭᠤᠯᠪᠡ᠃     
 
ᠢᠷᠡᠯᠲᠡ᠄ ᠷᠡᠰᠢᠶᠠᠨ ᠬᠤᠳᠡ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号