ᠸᠠᠩ ᠰᠢᠶᠤᠤ ᠬᠤᠸᠠᠨ ︽ᠷᠡᠰᠢᠶᠠᠨ 1198︾ ᠬᠤᠨᠳᠠᠭᠠᠲᠤ ᠷᠠᠰᠢᠶᠠᠨ ᠮᠠᠷᠠᠽᠣᠨ ᠤ ᠤᠷᠤᠯᠳᠤᠭᠠᠨ ᠤ ᠪᠡᠯᠡᠳᠬᠡᠯ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
         8 ᠰᠠᠷ᠎ᠠ ᠶᠢᠨ 9 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠷᠡᠰᠢᠶᠠᠨ 1198︾ ᠬᠤᠨᠳᠠᠭᠠᠲᠤ ᠷᠠᠰᠢᠶᠠᠨ ᠮᠠᠷᠠᠽᠣᠨ ᠤ ᠤᠷᠤᠯᠳᠤᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠣᠬᠠᠢ ᠲᠠᠨᠢᠯᠴᠠᠭᠤᠯᠭ᠎ᠠ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠳᠣᠭᠢᠷᠠᠭᠤᠯᠪᠠ᠃ ᠬᠤᠷᠠᠯ ᠠᠴᠠ᠂ ᠪᠡᠯᠡᠳᠬᠡᠯ ᠠᠵᠢᠯ ᠤᠨ ᠳᠤᠭᠤᠶᠢᠯᠠᠩ ᠤᠨ ᠡᠯ᠎ᠡ ᠪᠦᠷᠢᠯᠳᠦᠬᠦᠨ ᠰᠠᠯᠠᠭ᠎ᠠ ᠮᠥᠴᠢᠷ ᠡᠷᠬᠡᠪᠰᠢ ᠣᠯᠣᠰ ᠲᠦᠷᠣ ᠶᠢᠨ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠤᠯᠪᠣᠭᠳᠠᠯ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠤᠷᠢᠳᠴᠢᠯᠠᠨ ᠰᠠᠶᠢᠲᠤᠷ ᠬᠢᠵᠦ᠂ ᠬᠦᠴᠦᠷᠬᠡᠭ ᠶᠡᠭᠡ ᠠᠵᠢᠯ ᠤᠨ ᠬᠠᠮᠳᠣᠷᠡᠯ ᠬᠦᠴᠦᠨ ᠢ ᠨᠢᠭᠲᠠᠷᠠᠭᠤᠯᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠭᠡ ᠶᠢ ᠰᠠᠶᠢᠲᠤᠷ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠤᠷᠤᠯᠳᠤᠭᠠᠨ ᠤ ᠦᠢᠯᠡᠴᠢᠯᠡᠭᠡ ᠪᠠᠲᠤᠯᠠᠭ᠎ᠠ ᠶᠢ ᠪᠦᠬᠦ ᠲᠠᠯ᠎ᠠ ᠪᠠᠷ ᠣᠶᠢᠯᠠᠭᠠᠬᠤ ᠪᠠ ᠡᠵᠡᠮᠰᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠤᠷᠤᠯᠳᠤᠭᠠᠨ ᠤ ᠶᠠᠪᠤᠳᠠᠯ ᠤᠨ ᠲᠣᠭᠤᠷᠢᠨ ᠳᠤ ᠠᠮᠤᠷ ᠲᠣᠭᠲᠠᠭᠤᠨ᠂ ᠣᠷᠴᠢᠨ ᠲᠣᠭᠤᠷᠢᠨ ᠤ ᠡᠮᠬᠢ ᠳᠢᠭᠯᠢᠮ᠂ ᠡᠮᠴᠢᠯᠡᠭᠡᠨ ᠤ ᠪᠠᠲᠤᠯᠠᠭ᠎ᠠ᠂ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠰᠠᠶᠢᠨ ᠳᠤᠷ᠎ᠠ ᠶᠢᠨ ᠦᠢᠯᠡᠴᠢᠯᠡᠭᠡ᠂ ᠤᠰᠤ ᠴᠠᠬᠢᠯᠭᠠᠨ ᠰᠢᠲᠠᠮᠠᠬᠠᠢ ᠬᠡᠢ ᠶᠢᠨ ᠮᠡᠳᠡᠭᠡ ᠵᠠᠩᠭᠢ ᠶᠢᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠰᠠᠶᠢᠲᠤᠷ ᠬᠦᠢᠴᠡᠳᠭᠡᠵᠣ᠂ ᠤᠷᠤᠯᠳᠤᠭᠠᠨ ᠤ ᠶᠠᠪᠤᠳᠠᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠡᠵᠡᠢ᠃ ᠬᠤᠲᠠ ᠶᠢᠨ ᠤᠳᠤᠷᠢᠳᠤᠯᠭ᠎ᠠ ᠰᠦᠨ ᠪᠠᠶ ᠴᠤᠸᠠᠨ᠂ ᠬᠠᠨ ᠴᠠᠩ ᠵᠢᠦ᠂ ᠶᠠᠩ ᠪᠦᠦ ᠲᠢᠶᠠᠨ᠂ ᠲᠠᠢ ᠬᠠᠶ ᠹᠧᠩ᠂ ᠯᠦ ᠴᠢ ᠭᠦᠸᠧ᠂ ᠭᠥᠸᠧ ᠴᠢᠩ᠂ ᠯᠢᠦ ᡁᠢ ᠴᠢᠶᠠᠩ᠂ ᠪᠠᠶ ᠹᠧᠩ᠂ ᠸᠠᠩ ᠬᠠᠶ ᠵᠢᠶᠦ᠋ᠨ ᠵᠢᠴᠢ ᠪᠡᠯᠡᠳᠬᠡᠯ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠲᠣᠰ ᠬᠤᠷᠠᠯ ᠳᠤ ᠣᠷᠣᠯᠴᠠᠵᠠᠶ᠃     
 
ᠢᠷᠡᠯᠲᠡ᠄ ᠷᠡᠰᠢᠶᠠᠨ ᠬᠤᠳᠡ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号