ᠪᠦᠬᠦ ᠣᠷᠣᠨ ᠤ ᠠᠩᠬᠠᠳᠡᠬᠴᠢ ᠷᠠᠰᠢᠶᠠᠨ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠫᠠᠶᠢᠰᠠ ᠡᠯᠬᠦᠵᠣ ᠵᠢᠩᠬᠢᠨᠢ ᠪᠠᠷ ᠪᠠᠶᠢᠭᠤᠯᠣᠬᠳᠡᠵᠡᠢ
ᠨᠡᠶᠢᠲᠡᠯᠡᠭᠰᠡᠨ ᠴᠠᠭ᠄
2024/8/14
            ᠡᠨᠡ ᠵᠢᠯ ᠤᠨ 6 ᠰᠠᠷ᠎ᠠ ᠳᠤ᠂ ᠣᠯᠣᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠵᠣᠬᠢᠶᠠᠨ ᠪᠠᠶᠢᠭᠤᠯᠤᠯᠲᠠ ᠶᠢ ᠮᠠᠭᠠᠳᠯᠠᠨ ᠲᠣᠭᠲᠠᠭᠠᠬᠤ ᠪᠠ ᠢᠯᠡ ᠨᠡᠶᠢᠲᠡᠯᠡᠬᠦ ᠪᠠᠷ ᠳᠡᠮᠵᠢᠨ᠂ ᠬᠢᠩᠭᠠᠨ ᠠᠶᠢᠮᠠᠭ ᠤᠨ ᠷᠠᠰᠢᠶᠠᠨ ᠤ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠤᠯᠤᠰ ᠤᠨ ᠲᠠᠰ ᠤᠨ ᠵᠢᠭᠤᠯᠴᠢᠯᠠᠯ ᠤᠨ ᠤᠨ ᠠᠮᠠᠷᠠᠯᠲᠠ ᠶᠢᠨ ᠣᠷᠣᠨ ᠢᠶᠠᠷ ᠲᠣᠭᠲᠠᠭᠠᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠣᠯᠵᠡᠢ᠃ 8 ᠰᠠᠷ᠎ᠠ ᠶᠢᠨ 8 ᠤ ᠡᠳᠦᠷ᠂ 2024 ᠬᠢᠩᠭᠠᠨ ᠠᠶᠢᠮᠠᠭ ᠤᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠷᠠᠰᠢᠶᠠᠨ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠵᠢᠩᠬᠢᠨᠢ ᠪᠠᠷ ᠫᠠᠶᠢᠰᠠ ᠣᠯᠭᠤᠵᠤ᠂ ᠤᠯᠤᠰ ᠤᠨ 5A ᠲᠠᠰ ᠤᠨ ᠦᠵᠡᠮᠵᠢ ᠶᠢᠨ ᠣᠷᠣᠨ᠂ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠳᠠᠷᠠᠭᠠᠬᠢ ᠪᠠᠰᠠ ᠨᠢᠭᠡᠨ ︽ᠠᠯᠲᠠᠨ ᠦᠰᠦᠭᠲᠦ ᠫᠠᠶᠢᠰᠠ︾ ᠭᠥᠷᠳᠡᠭᠰᠠᠨ ᠣᠷᠣᠨ ᠪᠠᠶᠢᠵᠣ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠶᠡᠭᠡ᠂ ᠠᠭᠤᠯᠤᠭᠳᠠᠴᠠ ᠶᠢᠨ ᠬᠡᠮᠵᠢᠶ᠎ᠡ ᠥᠨᠳᠥᠷ ᠪᠠᠶᠢᠨ᠎ᠠ᠃ ᠷᠠᠰᠢᠶᠠᠨ ᠳᠤ ᠬᠠᠯᠠᠭᠤᠨ ᠷᠠᠰᠢᠶᠠᠨ᠂ ᠨᠤᠭᠤ ᠭᠠᠵᠠᠷ᠂ ᠭᠠᠯᠲᠤ ᠠᠭᠤᠯᠠ᠂ ᠮᠥᠰᠥ ᠴᠠᠰᠤ᠂ ᠤᠢ ᠰᠢᠭᠤᠶ᠂ ᠨᠤᠲᠤᠭ ᠪᠡᠯᠴᠢᠭᠡᠷ ᠵᠡᠷᠭᠡ ᠪᠠᠶᠢᠭᠠᠯᠢ ᠶᠢᠨ ᠦᠵᠡᠮᠵᠢ ᠲᠠᠢ᠂ ᠮᠠᠰᠢ ᠤᠯᠠᠨ ᠡᠬᠢ ᠪᠠᠶᠠᠯᠢᠭ ᠪᠦᠬᠦ ᠤᠯᠤᠰ ᠴᠢᠨᠠᠭᠰᠢᠯᠠᠪᠠᠯ ᠪᠦᠬᠦ ᠳᠡᠯᠡᠬᠡᠢ ᠳᠤ ᠴᠥᠮ ︽ᠬᠤᠣᠰ ᠦᠭᠡᠢ︾᠂ ︽ᠨᠡᠷᠡᠲᠦ ᠲᠡᠮᠳᠡᠭᠲᠦ︾ ᠲᠠᠢ ᠪᠣᠯᠵᠡᠢ᠃ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠷᠠᠰᠢᠶᠠᠨ ᠬᠤᠲᠠ ᠵᠢᠭᠤᠯᠴᠢᠯᠠᠬᠰᠠᠳ ᠤᠨ ᠶᠠᠰᠤ ᠴᠢᠨᠠᠷᠵᠢᠭᠤᠯᠤᠭᠰᠠᠨ᠂ ᠣᠯᠠᠨ ᠶᠠᠩᠵᠣᠬᠰᠠᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠠᠮᠠᠷᠠᠯᠲᠠ ᠶᠢᠨ ᠪᠦᠲᠦᠭᠡᠭᠳᠡᠬᠦᠨ ᠤ ᠠᠭᠤᠯᠭ᠎ᠠ ᠶᠢ ᠪᠠᠶᠠᠯᠢᠭᠵᠢᠭᠤᠯᠵᠤ᠂ ᠠᠮᠠᠷᠠᠯᠲᠠ ᠶᠢᠨ ᠪᠦᠲᠦᠭᠡᠭᠳᠡᠬᠦᠨ ᠤ ᠰᠢᠰᠲ᠋ᠧᠮ ᠢ ᠲᠡᠭᠦᠯᠳᠡᠷᠵᠢᠭᠦᠯᠬᠦ ᠲᠣᠭᠤᠷᠢᠨ ᠳᠤ᠂ ᠵᠠᠰᠠᠭ ᠤᠨ ᠣᠷᠳᠣᠨ ᠢᠶᠠᠷ ᠭᠤᠤᠯ ᠪᠣᠯᠭᠠᠵᠣ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠬᠡᠯᠪᠡᠷ ᠪᠠᠷ ᠦᠢᠯᠡᠳᠬᠦᠨ ᠢ ᠨᠡᠭᠡᠭᠡᠨ ᠬᠥᠭᠵᠢᠭᠦᠯᠬᠦ ᠲᠣᠭᠲᠠᠴᠠ ᠶᠢ ᠪᠠᠷᠢᠮᠲᠠᠯᠠᠨ᠂ 62 ᠭᠤᠤᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠡᠬᠢᠯᠠᠬᠦᠯᠥᠭᠰᠠᠨ ᠪᠠᠶᠢᠨ᠎ᠠ᠃ ᠷᠠᠰᠢᠶᠠᠨ ᠤ ᠬᠠᠯᠠᠭᠤᠨ ᠷᠠᠰᠢᠶᠠᠨ ᠤ ᠪᠦᠲᠦᠭᠡᠭᠳᠡᠬᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠢ ᠰᠢᠭᠤᠢ ᠶᠢᠨ ᠡᠷᠡᠭᠦᠯᠵᠢᠯ ᠰᠤᠪᠢᠯᠠᠯᠲᠠ ᠤᠯᠠᠮ ᠰᠢᠰᠲ᠋ᠧᠮᠵᠢᠬᠦᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠨᠡᠩ ᠤᠯᠠᠨ ᠡᠰᠢᠵᠢᠬᠦᠯᠵᠣ᠂ ᠠᠮᠠᠷᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠨᠡᠩ ᠲᠡᠭᠦᠯᠳᠡᠷᠵᠢᠵᠤ᠂ ᠰᠡᠯᠡᠭᠦᠴᠡᠯ ᠤᠨ ᠠᠮᠠᠷᠠᠯᠲᠠ ᠶᠢᠨ ᠵᠢᠭᠤᠯᠴᠢᠯᠠᠯ ᠶᠠᠭ ᠥᠷᠨᠢᠨ ᠬᠦᠭᠵᠢᠵᠣ ᠪᠣᠢ᠃ ᠡᠭᠦᠨ ᠠᠴᠠ ᠭᠠᠳᠠᠨ᠎ᠠ᠂ ︽ᠬᠠᠷᠢᠶ᠎ᠠ ᠣᠷᠣᠨ ᠨᠢ ᠦᠵᠡᠮᠵᠢ ᠶᠢᠨ ᠣᠷᠣᠨ︾ ᠭᠡᠬᠦ ᠣᠶᠢᠯᠠᠭᠠᠬᠳᠡᠬᠤᠨ ᠳᠤ ᠰᠠᠭᠤᠷᠢᠯᠠᠨ᠂ ︽ᠭᠠᠳᠡᠷ ᠲᠦᠷᠰᠣ︾ ᠪᠠ ︽ᠳᠣᠲᠣᠷ ᠪᠠᠶᠢᠳᠡᠯ︾ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠷᠠᠰᠢᠶᠠᠨ ᠬᠤᠲᠠ ︽ᠥᠭᠡᠷᠡᠴᠢᠯᠡᠯᠲᠡ ᠬᠢᠬᠦ᠂ ᠳᠤᠲᠠᠭᠤᠳᠠᠯ ᠢ ᠨᠥᠬᠦᠪᠥᠷᠢᠯᠡᠬᠦ᠂ ᠴᠡᠭᠴᠡᠯᠡᠨ ᠵᠠᠰᠠᠯᠲᠠ ᠶᠢ ᠴᠢᠩᠭᠠᠳᠬᠠᠬᠤ︾ ᠲᠤᠰᠬᠠᠶ ᠠᠵᠢᠯᠯᠠᠭ᠎ᠠ ᠶᠢ ᠦᠷᠨᠢᠬᠦᠯᠵᠣ᠂ ᠠᠮᠠᠷᠠᠯᠲᠠ ᠶᠢᠨ ᠣᠷᠣᠨ ᠤ ᠴᠢᠳᠠᠮᠵᠢ ᠶᠢ ᠲᠡᠭᠦᠯᠳᠡᠷᠵᠢᠭᠦᠯᠵᠤ᠂ ᠳᠦᠷᠰᠦ ᠪᠠᠶᠢᠳᠠᠯ ᠢ ᠳᠠᠬᠢᠨ ᠰᠢᠨ᠎ᠠ ᠶᠢ ᠡᠬᠦᠳᠴᠣ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠳᠥᠯᠭᠢᠨ ᠠᠬᠢᠭᠤᠯᠣᠬᠰᠠᠨ ᠪᠠᠶᠢᠨ᠎ᠠ᠃ ᠠᠮᠠᠷᠠᠯᠲᠠ ᠶᠢᠨ ᠣᠷᠣᠨ ᠢᠶᠠᠷ ᠭᠤᠤᠯ ᠪᠣᠯᠭᠠᠭᠰᠠᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠣᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠡᠳᠦᠷ ᠢᠷᠡᠬᠦᠶ᠎ᠡ ᠪᠦᠷᠢᠨᠰᠢᠬᠦᠯᠵᠦ᠂ ᠬᠤᠲᠠ ᠶᠢᠨ ᠡᠷᠡᠭᠦᠯᠵᠢᠯ ᠰᠤᠪᠢᠯᠠᠯᠲᠠ ᠪᠠ ᠠᠮᠠᠷᠠᠯᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠪᠡ᠃ ᠡᠭᠦᠨ ᠤ ᠬᠠᠮᠲᠤ᠂ ᠷᠠᠰᠢᠶᠠᠨ ᠬᠤᠳᠠ ᠵᠠᠬ᠎ᠠ ᠳᠡᠯᠭᠡᠭᠦᠷ ᠤᠨ ᠤᠳᠤᠷᠢᠳᠤᠮᠵᠢ ᠪᠣᠯᠤᠨ ᠵᠢᠭᠤᠯᠴᠢᠯᠠᠬᠰᠠᠳ ᠤᠨ ᠠᠩᠬᠠᠷᠣᠯ ᠢ ᠲᠠᠳᠡᠬᠤ ᠪᠠᠷ ᠭᠤᠣᠯᠯᠠᠵᠣ᠂ ᠵᠢᠵᠢᠭ ᠰᠠᠵᠢᠭ ᠲᠠᠯ᠎ᠠ ᠪᠡ ᠪᠣᠳᠠᠲᠠᠢ ᠠᠴᠠ ᠭᠠᠷᠳᠡᠵᠣ᠂ ᠵᠢᠭᠤᠯᠴᠢᠯᠠᠯ ᠤᠨ ᠪᠠᠷᠢᠮᠵᠢᠶ᠎ᠠ᠂ ᠬᠥᠮᠦᠯᠢᠭ ᠴᠢᠨᠠᠷ᠂ ᠶᠠᠰᠤ ᠴᠢᠨᠠᠷᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠰᠢᠨ᠎ᠡ ᠲᠦᠷᠢ ᠲᠥᠷᠬᠦ ᠶᠢ ᠱᠤᠭᠤᠬᠰᠠᠨ ᠪᠠᠶᠢᠨ᠎ᠠ᠃ ᠷᠠᠰᠢᠶᠠᠨ ᠬᠤᠳᠠ ᠪᠠᠰᠠ ᠪᠠᠶᠠᠷ ᠳᠤᠷᠠᠰᠬᠠᠯ ᠤᠨ ᠡᠳᠦᠷ ᠢᠶᠠᠷ ᠬᠠᠯᠠᠮᠰᠢᠯ ᠪᠣᠯᠭᠠᠵᠣ᠂ ᠠᠵᠢᠯᠯᠠᠭ᠎ᠠ ᠪᠠᠷ ᠤᠬᠠᠭᠤᠯᠭ᠎ᠠ ᠶᠢ ᠪᠠᠷᠢᠮᠲᠠᠯᠠᠨ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠰᠣᠶᠣᠯ ᠪᠣᠯᠤᠨ ᠪᠠᠶᠢᠭᠠᠯᠢ ᠶᠢᠨ ᠥᠪ ᠤᠨ ᠡᠳᠦᠷ︾᠂ ᠬᠤᠷᠴᠠ ᠤᠯᠠᠭᠠᠨ ᠴᠡᠴᠡᠭ ᠤᠨ ᠪᠠᠶᠠᠷ ᠤᠨ ᠡᠳᠣᠷ᠂ ᠠᠷᠢᠭᠤᠨ ᠤᠰᠤᠨ ᠤ ᠪᠠᠶᠠᠷ ᠤᠨ ᠡᠳᠣᠷ᠂ ᠠᠭᠤᠯᠠ ᠠᠪᠠᠷᠢᠬᠤ ᠤᠯᠠᠷᠢᠯ᠂ ᠮᠥᠰᠥ ᠴᠠᠰᠤᠨ ᠤ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠵᠢᠴᠢ ᠰᠤᠷᠭᠠᠭᠤᠯᠢ ᠶᠢᠨ ᠨᠠᠶᠢᠵᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ᠂ ᠵᠢᠭᠤᠯᠴᠢᠯᠠᠯ ᠤᠨ ᠠᠮᠠᠷᠠᠯᠲᠠ ᠶᠢᠨ ᠶᠡᠭᠡ ᠬᠤᠷᠠᠯ᠂ ᠯᠦ ᠬᠤ᠋ ᠲᠡᠷᠭᠡ ᠶᠢᠨ ᠨᠠᠶᠢᠷᠡᠯᠳᠣᠭᠠᠨ ᠵᠡᠷᠭᠡ ᠳᠡᠭᠡᠳᠦ ᠲᠡᠰ ᠤᠨ ᠶᠠᠷᠢᠶᠠᠨ ᠤ ᠲᠠᠪᠴᠠᠩ ᠢ ᠴᠢᠨᠠᠷ ᠰᠠᠶᠢᠲᠠᠢ ᠡᠷᠬᠢᠯᠡᠵᠦ᠂ ᠤᠷᠢᠳ ᠬᠤᠵᠢᠳ ᠳᠤᠮᠳᠠᠳᠤ ᠤᠯᠤᠰ ᠤᠨ ᠠᠷᠪᠠᠨ ᠶᠡᠭᠡ ᠷᠢᠳᠢ ᠰᠢᠳᠢᠳᠣ ᠬᠠᠯᠠᠮᠰᠢᠯ ᠤᠨ ᠬᠤᠳᠠ᠂ ᠵᠤᠰᠠᠯᠠᠩ ᠤᠨ ᠣᠷᠣᠨ᠂ ᠵᠢᠭᠤᠯᠴᠢᠯᠠᠯ ᠤᠨ ᠰᠢᠯᠢᠳᠡᠭ ᠭᠠᠵᠠᠷ᠂ ᠳᠤᠮᠳᠠᠳᠤ ᠤᠯᠤᠰ ᠤᠨ ︽ᠨᠡᠭᠦᠳᠡᠯ ᠰᠢᠪᠠᠭᠤ︾ ᠮᠠᠶ᠋ᠢᠭ ᠤᠨ ᠠᠰᠠᠷᠡᠨ ᠰᠣᠪᠢᠯᠠᠬᠤ ᠭᠠᠵᠠᠷ᠂ ᠲᠣᠮᠳᠡᠳᠣ ᠮᠣᠩᠭᠤᠯ ᠣᠷᠣᠰ ᠣᠯᠣᠰ ᠤᠨ ᠠᠬᠤᠢ ᠵᠢᠷᠤᠭ ᠤᠨ ᠵᠣᠬᠢᠶᠠᠨ ᠪᠦᠳᠣᠭᠡᠯᠭᠡ ᠶᠢᠨ ᠰᠠᠭᠤᠷᠢᠨ ᠭᠠᠵᠡᠷ᠂ ︽ᠦᠪᠡᠰᠣᠪᠡᠨ ᠲᠠᠷᠭᠡ ᠪᠠᠷᠢᠵᠣ ᠲᠣᠮᠳᠡᠳᠣ ᠣᠯᠣᠰ ᠢ ᠲᠣᠭᠤᠷᠢᠬᠤ︾ ᠠᠵᠢᠯᠯᠠᠭ᠎ᠠ ᠶᠢᠨ ᠬᠠᠮᠤᠭ ᠬᠦᠷᠢᠶᠠᠯᠠᠯ ᠢ ᠣᠯᠣᠬᠰᠠᠨ ᠪᠦᠬᠦ ᠣᠯᠣᠰ ᠤᠨ ᠦᠪᠡᠰᠣᠪᠡᠨ ᠲᠠᠷᠭᠡ ᠪᠠᠷᠢᠵᠣ ᠵᠢᠭᠤᠯᠴᠢᠯᠠᠬᠤ ᠬᠠᠷᠡᠯᠳᠡᠳᠣ ᠭᠠᠵᠡᠷ ᠵᠡᠷᠭᠡ ᠢᠷᠠᠭᠤ ᠠᠯᠳᠠᠷ ᠢ ᠬᠦᠷᠳᠡᠵᠤ᠂ ᠷᠠᠰᠢᠶᠠᠨ ᠤ ᠵᠢᠭᠤᠯᠴᠢᠯᠠᠯ ᠤᠨ ᠲᠦᠷᠦᠯ ᠲᠡᠮᠳᠡᠭ ᠤᠨ ᠲᠦᠷᠢ ᠲᠥᠷᠬᠦ ᠶᠢ ᠴᠢᠨᠠᠭᠰᠢᠳᠠ ᠳᠡᠭᠡᠭᠰᠢᠯᠡᠭᠦᠯᠪᠡ᠃ ᠷᠠᠰᠢᠶᠠᠨ ᠬᠤᠲᠠ ︽ᠤᠯᠤᠰ ᠤᠨ ᠳᠣᠲᠣᠭᠠᠳᠤ ᠳᠤ ᠪᠠᠨ ᠲᠡᠷᠢᠭᠦᠨ ᠲᠠᠰ ᠤᠨ᠂ ᠳᠡᠯᠡᠬᠡᠢ ᠳ᠋ᠡᠬᠢᠨ ᠳᠤ ᠨᠠᠷ᠎ᠡ ᠠᠯᠳᠡᠷᠰᠢᠬᠰᠠᠨ︾ ᠵᠢᠭᠤᠯᠴᠢᠯᠠᠯ ᠤᠨ ᠠᠮᠠᠷᠠᠯᠲᠠ ᠶᠢᠨ ᠬᠤᠲᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠠᠨ ᠪᠣᠯᠭᠠᠵᠤ᠂ ᠨᠠᠩ ᠣᠯᠠᠨ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠵᠤ᠂ ᠠᠮᠠᠷᠠᠯᠲᠠ ᠶᠢᠨ ᠣᠷᠣᠨ ᠤ ᠶᠠᠰᠤ ᠴᠢᠨᠠᠷ ᠤᠨ ᠳᠡᠰ ᠳᠡᠪᠰᠢᠬᠦᠯᠬᠦ᠂ ᠵᠢᠭᠤᠯᠴᠢᠯᠠᠬᠰᠠᠳ ᠤᠨ ᠪᠠᠶᠢᠳᠠᠯ ᠢ ᠣᠶᠢᠯᠠᠭᠠᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠣᠨ᠂ ᠷᠠᠰᠢᠶᠠᠨ ᠤ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠵᠢᠭᠤᠯᠴᠢᠯᠠᠯ ᠤᠨ ᠲᠡᠷᠢᠭᠦᠨ ᠰᠣᠩᠭᠤᠯᠲᠠ ᠶᠢᠨ ᠭᠠᠵᠠᠷ᠂ ᠰᠢᠯᠢᠳᠡᠭ ᠰᠣᠩᠭᠤᠯᠲᠠ ᠶᠢᠨ ᠭᠠᠵᠠᠷ᠂ ᠵᠠᠪᠠᠯ ᠰᠣᠩᠭᠤᠬᠤ ᠭᠠᠵᠠᠷ ᠪᠣᠯᠭᠠᠨ᠎ᠠ᠃     
 
ᠢᠷᠡᠯᠲᠡ᠄ ᠷᠡᠰᠢᠶᠠᠨ ᠬᠤᠳᠡ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号