ᠷᠠᠰᠢᠶᠠᠨ ᠬᠤᠲᠠ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
         8 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠷᠠᠰᠢᠶᠠᠨ ᠬᠤᠲᠠ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠢᠭᠡᠳ ᠨᠢᠭᠡ ᠪᠠᠷ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠳᠣ ᠪᠢᠴᠢᠭ ᠢ ᠲᠣᠳᠣᠷᠬᠠᠶᠢᠯᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ᠂ ᠪᠦᠬᠦ ᠬᠤᠳᠠ ᠪᠠᠷ ᠢᠶᠠᠨ ᠲᠣᠭᠲᠠᠭᠰᠠᠨ ᠬᠠᠷᠠᠯᠲᠠ ᠪᠠᠨ ᠭᠤᠶᠢᠪᠢᠰᠢ ᠦᠭᠡᠢ ᠪᠠᠷᠢᠮᠲᠠᠯᠠᠵᠤ᠂ ︽ᠨᠢᠭᠡ ᠲᠦᠷᠦᠯ ᠵᠦᠢᠯ ᠳᠤ᠂ ᠨᠢᠭᠡ ᠢᠵᠢ ᠲᠥᠰᠦᠯ ᠲᠣᠬᠳᠠᠭᠠᠵᠣ᠂ ᠨᠢᠭᠡ ᠵᠦᠢᠯ ᠤᠨ ᠠᠷᠭ᠎ᠠ ᠬᠡᠮᠵᠢᠶ᠎ᠡ ᠭᠠᠷᠭᠠᠨ᠂ ᠴᠠᠭ ᠤᠨ ᠬᠦᠰᠦᠨᠦᠭᠲᠦ ᠵᠣᠬᠢᠶᠠᠵᠣ᠂ ᠨᠢᠭᠡ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠲᠣᠬᠢᠷᠡᠭᠤᠯᠬᠤ︾ ᠵᠠᠷᠴᠢᠮ ᠶᠣᠰᠣᠭᠠᠷ᠂ ᠪᠦᠬᠦ ᠬᠦᠴᠦᠨ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠡᠷᠡᠰ ᠰᠠᠶᠢᠲᠤᠷ ᠬᠡᠷᠡᠭᠵᠢᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠤᠳᠠ ᠶᠢᠨ ᠲᠠᠰ ᠤᠨ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠣᠶᠢᠯᠡᠳᠣᠯ ᠢᠶᠠᠨ ᠪᠠᠳᠡᠷᠡᠭᠤᠯᠵᠣ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠢᠭᠤᠴᠠᠯᠭᠠᠲᠤ ᠨᠢᠭᠡᠴᠢ ᠪᠣᠯᠤᠨ ᠪᠠᠷᠢᠯᠭ᠎ᠠ ᠶᠢᠨ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ ᠂ ᠭᠤᠣᠯᠳᠠᠯᠭ᠎ᠠ ᠲᠠᠢ ᠲᠦᠷᠦᠯ ᠵᠦᠢᠯ ᠤᠨ ᠳᠠᠯᠳᠠ ᠬᠦᠴᠦᠨ ᠢ ᠭᠦᠨᠵᠡᠭᠡᠢ ᠠᠭᠤᠳᠠᠯᠣᠨ᠂ ᠲᠦᠷᠦᠯ ᠵᠦᠢᠯ ᠤᠨ ᠡᠮᠬᠢ ᠳᠢᠭᠯᠢᠮ ᠲᠠᠢ᠂ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠬᠡᠷᠡᠭᠲᠡᠢ︔ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢ ᠵᠣᠬᠢᠰᠲᠠᠢ ᠲᠤᠬᠢᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠤᠷᠢᠳᠴᠢᠯᠠᠨ ᠦᠢᠯᠡᠴᠢᠯᠡᠵᠦ᠂ ᠭᠠᠷ ᠭᠦᠢᠴᠡᠳᠬᠡᠯ ᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠣᠨ᠂ ᠨᠡᠩ ᠤᠯᠠᠨ ᠪᠣᠳᠠᠲᠤ ᠠᠵᠢᠯ ᠤᠨ ᠬᠡᠮᠵᠢᠶ᠎ᠡ ᠪᠣᠯᠤᠨ ᠨᠡᠩ ᠶᠡᠭᠡ ᠪᠡᠯᠡ ᠣᠷᠣᠭᠤᠯᠤᠯᠲᠠ ᠬᠠᠩᠭᠠᠬᠤ ᠶᠢ ᠪᠠᠶᠠᠯᠠᠬᠦᠯᠬᠦ ᠬᠡᠷᠡᠭᠲᠡᠢ᠃ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠷᠤᠯᠴᠠᠨ ᠨᠠᠷᠢᠨ ᠰᠤᠳᠤᠯᠵᠤ᠂ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠴᠢᠭᠯᠡᠯ ᠢ ᠣᠨᠣᠪᠴᠢᠲᠠᠢ ᠡᠵᠡᠮᠳᠡᠨ ᠂ ᠨᠡᠩ ᠤᠯᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠳᠤ ᠮᠠᠳᠡᠬᠦᠯᠵᠤ᠂ ᠷᠠᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ ᠬᠤᠲᠠ ᠶᠢᠨ ᠱᠠᠲᠤᠨ ᠤ ᠲᠥᠷᠥᠯ ᠵᠦᠢᠯ ᠢ ᠳᠠᠭᠠᠭᠠᠴᠢᠯᠠᠭᠰᠠᠨ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     
 
ᠢᠷᠡᠯᠲᠡ᠄ ᠷᠡᠰᠢᠶᠠᠨ ᠬᠤᠳᠡ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号