ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
        8 ᠳ᠋ᠤᠭᠠᠷ ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ ᠂ ᠷᠠᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠵᠡᠷᠭᠡ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠨᠠᠭᠰᠢᠳᠠ ᠴᠢᠯᠥᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠴᠡᠭᠴᠡᠯᠡᠨ ᠵᠠᠰᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠠᠵᠤ ᠠᠬᠤᠢ ᠶᠢᠨ ᠠᠵᠢᠯᠯᠠᠭ᠎ᠠ᠂ ᠠᠵᠤ ᠦᠢᠯᠡᠰ ᠤᠨ ᠬᠥᠭᠵᠢᠯᠲᠡ ᠵᠡᠷᠭᠡ ᠡᠯ᠎ᠡ ᠬᠦᠷᠢᠶᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠷᠠᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠵᠦ᠂  ᠦᠢᠯᠡᠴᠢᠯᠡᠭᠡᠨ ᠤ ᠶᠠᠰᠤ ᠴᠢᠨᠠᠷ ᠢ ᠭᠦᠨᠵᠡᠭᠡᠶᠢᠷᠡᠭᠦᠯᠦᠨ᠂  ᠦᠢᠯᠡᠴᠢᠯᠡᠭᠡᠨ ᠤ ᠨᠠᠷᠢᠨ ᠵᠦᠢᠯᠡᠰ ᠢ ᠰᠢᠯᠢᠳᠡᠭᠵᠢᠭᠦᠯᠵᠦ᠂ ᠵᠢᠭᠤᠯᠴᠢᠯᠠᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠥᠨᠳᠥᠷ ᠬᠢᠷᠢ ᠲᠦᠪᠰᠢᠨ ᠪᠥᠬᠦᠶ ᠮᠥᠰᠥ ᠴᠠᠰᠤᠨ ᠤ ᠲᠠᠮᠢᠷ ᠤᠨ ᠤᠷᠤᠯᠳᠤᠭᠠᠨ ᠢ ᠡᠷᠭᠢᠯᠡᠬᠦ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠷᠠᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ  ᠭᠡᠪᠡ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠶᠢᠮᠠᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠦᠷᠦᠯ ᠵᠦᠢᠯ ᠢᠶᠠᠷ ᠭᠤᠣᠯ ᠪᠣᠯᠭᠠᠵᠤ᠂ ᠠᠷᠠᠯᠵᠢᠶᠠᠴᠢᠨ ᠤᠷᠢᠬᠤ ᠪᠠᠷ ᠭᠤᠣᠯ ᠪᠣᠯᠭᠠᠬᠤ︾ ᠠᠵᠢᠯ ᠤᠨ ᠤᠢᠢᠯᠠᠭᠠᠭᠳᠠᠬᠤᠨ ᠢ ᠤᠯᠠᠮ ᠴᠢᠨᠠᠭᠰᠢᠳᠠ ᠪᠠᠲᠤᠳᠬᠠᠵᠤ᠂ ᠲᠦᠷᠦᠯ ᠵᠦᠢᠯ ᠢ ᠲᠤᠬᠢᠷᠠᠭᠤᠯᠬᠤ᠂ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠷᠭ᠎ᠠ  ᠬᠡᠮᠵᠢᠶ᠎ᠡ ᠶᠢ ᠪᠣᠳᠠᠲᠠᠶᠢᠵᠢᠭᠤᠯᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠪᠣᠳᠠᠲᠠᠢ ᠠᠴᠠ ᠲᠦᠷᠦᠭᠦᠯᠡᠬᠦ ᠪᠠᠷ ᠴᠢᠷᠮᠠᠶᠢᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ  ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠴᠢᠨᠠᠭᠰᠢᠳᠠ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠠᠵᠤ ᠦᠶ᠋ᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠᠲᠤ ᠠᠵᠤ ᠠᠬᠤᠶᠢᠯᠠᠯ ᠲᠠᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢᠨ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯᠳᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号