ᠳᠡᠭᠡᠷ᠎ᠡ ᠬᠠᠭᠠᠰ ᠵᠢᠯ ᠳᠤ ᠬᠢᠩᠭᠠᠨ ᠠᠶᠢᠮᠠᠭ ᠤᠨ ᠴᠠᠬᠢᠯᠭᠠᠨ ᠬᠦᠴᠦᠨ ᠤ ᠠᠵᠤ ᠦᠶ᠋ᠯᠡᠳᠪᠦᠷᠢ ᠳᠡᠭᠡᠳᠦ ᠬᠤᠷᠳᠤᠴᠠ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/8/14
      ᠲᠦᠷᠦᠭᠦᠤ ᠬᠠᠭᠠᠰ ᠵᠢᠯ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ  ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 28.6% ᠪᠠᠷ ᠨᠡᠮᠡᠭᠳᠡᠵᠦ᠂ ᠳᠡᠭᠡᠳᠦ ᠬᠤᠷᠳᠤᠴᠠ ᠪᠠᠷ ᠨᠡᠮᠡᠭᠳᠡᠬᠦ ᠬᠠᠨᠳᠤᠰᠢ ᠶᠢ ᠢᠮᠠᠭᠲᠠ ᠪᠠᠲᠤᠯᠠᠵᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 7.7 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦᠨ ᠤ ᠦᠢᠯᠡᠳᠪᠦᠷᠢᠯᠡᠯ  ᠤᠨ   ᠦᠢᠯᠡᠰ ᠠᠳᠠᠯᠢ ᠬᠤᠭᠤᠴᠠᠭᠠᠨ ᠤ ᠬᠢ ᠠᠴᠠ 31.6% ᠨᠡᠮᠡᠭᠳᠡᠵᠦ᠂ ᠴᠠᠬᠢᠯᠭᠠᠨ ᠬᠦᠴᠦᠨ ᠤ ᠬᠠᠩᠭᠠᠯᠭ᠎ᠠ ᠶᠢᠨ  ᠦᠢᠯᠡᠰ ᠠᠳᠠᠯᠢ ᠬᠤᠭᠤᠴᠠᠭᠠᠨ ᠤ ᠬᠢ ᠠᠴᠠ 21.4% ᠨᠡᠮᠡᠭᠳᠡᠵᠦ᠂ ᠲᠣᠰ ᠲᠣᠰ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 6.3 ᠪᠠ 1.4 ᠵᠠᠭᠤᠨ ᠤ ᠨᠢᠭᠡᠴᠢ ᠳᠠᠶᠢᠴᠢᠯᠠᠪᠠ᠃    ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 138.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.3% ᠪᠠᠷ ᠨᠡᠮᠡᠭᠳᠡᠪᠡ᠃ ᠴᠠᠬᠢᠯᠭᠠᠨ ᠬᠦᠴᠦᠨ ᠤ ᠠᠵᠤ ᠦᠢᠯᠡᠳᠪᠦᠷᠢ ᠦᠷᠭᠦᠯᠵᠢᠯᠡᠨ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠲᠤᠯᠠᠵᠤ᠂ ᠨᠢᠭᠡᠨᠲᠡ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠦᠷ ᠪᠣᠯᠵᠠᠢ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号