1 — 6 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 160.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/8/14
        ᠬᠢᠩᠭᠠᠨ ᠠᠶᠢᠮᠠᠭ ᠤᠨ ᠬᠢᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠶ᠋ᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ   ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠡᠮᠵᠢᠶ᠎ᠡ ᠪᠠᠷ ᠶᠡᠭᠡ᠂ ᠴᠢᠨᠠᠷ ᠰᠠᠶᠢᠲᠠᠶ᠂ ᠨᠠᠷᠠᠲᠤ ᠲᠥᠷᠥᠯ ᠲᠡᠮᠳᠡᠭᠲᠦ ᠶᠢ ᠳᠠᠭᠤᠷᠢᠰᠤᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠠᠶᠢᠮᠠᠭ ᠢ ᠡᠷᠡᠰ ᠭᠤᠶᠢᠪᠢᠰᠢ ᠥᠬᠡᠶ ᠪᠥᠲᠥᠭᠡᠨ ᠪᠠᠶᠢᠭᠤᠯᠤᠨ᠎ᠠ᠃ 1 — 6 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 160.5% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠠᠴᠠ 186.2 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 9.1 ᠵᠠᠭᠤᠨ ᠤ ᠨᠢᠭᠡᠴᠢ ᠳᠠᠶᠢᠴᠢᠯᠠᠵᠤ᠂ ᠪᠥᠬᠦ ᠪᠠᠯᠠ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ ᠲᠦᠷᠦᠭᠦᠤ ᠵᠢᠯ ᠤᠨ 5.4% ᠪᠠᠶᠢᠭᠰᠠᠨ ᠠᠴᠠ 19.9% ᠪᠣᠯᠵᠣ ᠳᠡᠭᠡᠭᠰᠢᠯᠡᠵᠡᠶ᠃ ᠡᠭᠦᠨ ᠳᠤ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠵᠠᠯᠠᠶᠢᠳ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠪᠠᠷ ᠲᠠᠷᠢᠶᠠᠯᠠᠩ ᠤᠨ ᠬᠥᠭᠵᠢᠯᠲᠡ ᠶᠢ ᠳᠥᠯᠭᠢᠨ ᠠᠬᠢᠭᠤᠯᠵᠤ᠂ ᠲᠠᠷᠢᠶᠠᠯᠠᠩ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 368.1% ᠪᠠᠷ ᠨᠡᠮᠡᠭᠳᠡᠪᠡ︔ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠦᠮᠡᠨ ᠲᠣᠯᠣᠭᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠯᠦᠩ ᠰᠢᠩ ᠰᠠᠭᠠᠯᠢ ᠶᠢᠨ ᠦᠨᠢᠶ᠎ᠡ ᠦᠷᠡᠵᠢᠭᠦᠯᠦᠨ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠪᠠᠷ ᠮᠠᠯ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠵᠤ᠂ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢ ᠦᠨᠳᠦᠰᠦᠨ ᠳᠡᠭᠡᠨ ᠠᠳᠠᠯᠢ ᠪᠠᠶᠢᠯᠭᠠᠪᠠ  
 
ᠢᠷᠡᠯᠲᠡ᠄ ᠠᠶᠢᠮᠠᠭ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号