| | 1 — 6 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠪᠠᠭᠲᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 25.7% ᠪᠠᠷ ᠪᠠᠭᠤᠷᠠᠪᠠ᠂ | ᠡᠭᠦᠨ ᠳᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 26.1% ᠪᠠᠷ | ᠪᠠᠭᠤᠷᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.8% ᠪᠠᠷ ᠪᠠᠭᠤᠷᠠᠪᠠ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 164.5% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 9.2 | ᠵᠠᠭᠤᠨ ᠤ ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 54.4% ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠶᠢ 28.8 ᠵᠠᠭᠤᠨ ᠤ ᠨᠢᠭᠡᠴᠢ ᠪᠠᠭᠤᠷᠠᠭᠤᠯᠪᠠ︔ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.7% ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠶᠢ 6.1 ᠵᠠᠭᠤᠨ ᠤ ᠨᠢᠭᠡᠴᠢ ᠪᠠᠭᠤᠷᠠᠭᠤᠯᠪᠠ᠃ | ᠭᠤᠤᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ | ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 160.5% ᠪᠠᠷ ᠨᠡᠮᠡᠭᠳᠡᠵᠦ᠂ ᠪᠥᠬᠦ | ᠪᠠᠯᠠ ᠣᠷᠣᠭᠤᠯᠤᠯᠲᠠ ᠶᠢᠨ ᠨᠡᠮᠡᠭᠳᠡᠯ ᠢ 9.1 ᠵᠠᠭᠤᠨ ᠤ ᠨᠢᠭᠡᠴᠢ ᠳᠠᠶᠢᠴᠢᠯᠠᠪᠠ︔ ᠤᠰᠤᠨ ᠠᠰᠢᠭᠯᠠᠯᠲᠠ ᠶᠢᠨ | ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 35.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ | ᠨᠡᠮᠡᠭᠳᠡᠯ ᠢ 3.2 ᠵᠠᠭᠤᠨ ᠤ ᠨᠢᠭᠡᠴᠢ ᠳᠠᠶᠢᠴᠢᠯᠠᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 215.8% ᠪᠠᠷ | ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 0.7 ᠵᠠᠭᠤᠨ ᠤ ᠨᠢᠭᠡᠴᠢ ᠳᠠᠶᠢᠴᠢᠯᠠᠪᠠ᠃ | | |