ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠤᠨ ᠬᠢᠨ ᠳᠣᠯᠣᠭᠠᠨ ᠰᠠᠷ᠎ᠠ ᠶᠢᠨ ᠳᠣᠯᠣᠭᠠᠨ ᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/14
   ᠳᠣᠯᠣᠭᠠᠨ ᠰᠠᠷ᠎ᠠ ᠶᠢᠨ ᠳᠣᠯᠣᠭᠠᠨ ᠤ ᠡᠳᠣᠷ ᠨᠢ ᠮᠠᠨ ᠤ ᠤᠯᠤᠰ ᠤᠨ ᠤᠯᠠᠮᠵᠢᠯᠠᠯᠲᠤ ᠲᠣᠷᠡᠰᠬᠠᠯ ᠤᠨ ᠡᠳᠦᠷ ᠤᠨ ᠨᠢᠭᠡᠨ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠪᠠ ᠷᠣᠮᠠᠨᠲ᠋ᠢᠭ ᠰᠡᠳᠬᠢᠯᠭᠡ ᠶᠢ ᠠᠴᠢᠶᠠᠯᠠᠵᠤ ᠪᠠᠶᠢᠳᠠᠭ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 8 ᠰᠠᠷ᠎ᠠ ᠶᠢᠨ 9 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠷᠣᠮᠠᠨᠲ᠋ᠢᠭ ᠳᠣᠯᠣᠭᠠᠨ ᠰᠠᠷ᠎ᠠ ᠶᠢᠨ ᠳᠣᠯᠣᠭᠠᠨ ᠤ ᠡᠳᠣᠷ ᠲᠤ ᠭᠡᠷ ᠤᠨ ᠰᠤᠷᠲᠠᠯ ᠢ ᠰᠠᠨᠠᠭᠠᠴᠢᠯᠠᠵᠣ ᠪᠣᠯᠪᠠᠰᠤᠨ ᠰᠠᠶᠢᠬᠠᠨ ᠢ ᠰᠣᠷᠳᠡᠯᠴᠢᠯᠠᠶ᠎ᠠ︾ ᠭᠡᠬᠦ ᠳᠣᠯᠣᠭᠠᠨ ᠰᠠᠷ᠎ᠠ ᠶᠢᠨ ᠳᠣᠯᠣᠭᠠᠨ ᠤ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠲᠥᠰᠦᠪᠯᠡᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠬᠠᠮᠲᠤ᠂ ᠥᠷᠭᠡᠨ ᠣᠯᠠᠨ ᠲᠦᠮᠡᠨ ᠢ ᠲᠠᠶᠢᠴᠢᠯᠡᠨ ᠵᠢᠯᠣᠭᠤᠳᠴᠤ ᠪᠠᠶᠢᠭᠠᠳ ᠵᠥᠪ ᠬᠠᠶᠢᠷ᠎ᠠ ᠰᠡᠳᠬᠢᠯᠭᠡ ᠶᠢᠨ ᠦᠵᠡᠯᠲᠡ᠂ ᠤᠷᠤᠭ ᠤᠨ ᠦᠵᠡᠯᠲᠡ᠂ ᠥᠷᠲᠡᠭ ᠤᠨ ᠦᠵᠡᠯᠲᠡ ᠶᠢ ᠪᠣᠶ ᠪᠣᠯᠭᠠᠵᠤ᠂ ᠡᠶ᠎ᠡ ᠵᠣᠬᠢᠴᠠᠯ ᠲᠠᠢ ᠲᠣᠷᠡᠰᠬᠠᠯ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠪᠠ ᠃ ᠳᠣᠯᠣᠭᠠᠨ ᠰᠠᠷ᠎ᠠ ᠶᠢᠨ ᠳᠣᠯᠣᠭᠠᠨ ᠤ ᠭᠡᠷ ᠤᠨ ᠰᠤᠷᠲᠠᠯ ᠭᠡᠷ ᠤᠨ ᠰᠤᠷᠭᠠᠯ ᠤᠨ ᠲᠣᠬᠠᠢ ᠦᠯᠢᠭᠡᠷ ᠶᠢᠨ ᠠᠵᠢᠯᠯᠠᠭ᠎ᠠ᠃ ᠨᠡᠶᠢᠭᠡᠮ ᠲᠣᠭᠤᠷᠢᠭ ᠲᠤ ᠮᠠᠭᠲᠠᠨ ᠰᠠᠶᠢᠰᠢᠶᠠᠭᠳᠠᠭᠰᠠᠨ ᠵᠢᠱᠢᠶᠡᠴᠢ ᠡᠷ᠎ᠡ ᠡᠮ᠎ᠡ ᠬᠤᠶᠠᠭᠤᠯᠠ ᠶᠢ ᠤᠷᠢᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠲᠠᠳᠡᠨ ᠤ ᠠᠮᠢᠳᠣᠷᠡᠯ ᠲᠣᠮᠳᠡ ᠪᠠᠨ ᠬᠠᠷᠢᠯᠴᠠᠨ ᠬᠠᠶᠢᠷᠡᠯᠠᠵᠣ ᠬᠠᠮᠵᠢᠯᠴᠠᠵᠣ ᠪᠠᠶᠢᠭ᠎ᠠ ᠪᠠ ᠭᠡᠷ ᠤᠨ ᠰᠤᠷᠲᠠᠯ ᠢ ᠪᠠᠳᠡᠷᠡᠭᠤᠯᠣᠬᠰᠠᠨ ᠦᠯᠢᠬᠡᠷ ᠢ ᠬᠤᠪᠢᠶᠠᠯᠴᠠᠪᠠ᠃ ᠪᠠᠰᠠ ᠵᠠᠯᠠᠭᠤ ᠡᠷ᠎ᠡ ᠡᠮ᠎ᠡ ᠬᠤᠶᠠᠭᠤᠯᠠ ᠬᠢᠭᠡᠳ ᠵᠢᠱᠢᠶᠡᠴᠢ ᠡᠷ᠎ᠡ ᠡᠮ᠎ᠡ ᠬᠤᠶᠠᠭᠤᠯᠠ ᠬᠠᠮᠲᠤ ᠪᠠᠷ ᠤᠷᠤᠭ ᠬᠤᠷᠢᠮ ᠤᠨ ᠲᠣᠬᠠᠢ ᠳᠡᠯᠭᠡᠨ ᠶᠠᠷᠢᠭᠤᠯᠵᠣ᠂ ᠤᠷᠤᠭ ᠬᠤᠷᠢᠮ ᠤᠨ ᠣᠶᠤᠨ ᠤᠬᠠᠭᠠᠨ ᠢ ᠬᠤᠪᠢᠶᠠᠯᠴᠠᠨ᠂ ᠡᠶ᠎ᠡ ᠵᠣᠬᠢᠴᠠᠯ ᠲᠠᠢ ᠭᠡᠷ ᠪᠦᠯᠢ ᠶᠢ ᠬᠡᠷᠬᠢᠨ ᠪᠠᠶᠢᠭᠤᠯᠬᠤ ᠲᠤᠬᠠᠢ ᠬᠠᠮᠲᠤᠪᠠᠷ ᠰᠤᠳᠤᠯᠤᠨ ᠶᠠᠷᠢᠯᠴᠠᠪᠡ᠃ ᠳᠣᠯᠣᠭᠠᠨ ᠰᠠᠷ᠎ᠠ ᠶᠢᠨ ᠳᠣᠯᠣᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠃ ᠪᠣᠯᠪᠠᠰᠤᠨ ᠥᠭᠡᠳᠡᠯᠡᠨ ᠲᠠᠪᠰᠢᠬᠤ ᠰᠢᠨ᠎ᠡ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠱᠧᠨᠴᠢᠣᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠬᠠᠶᠢᠷ᠎ᠡ ᠶᠢᠨ ᠲᠦᠯᠣᠭᠡ ᠳᠠᠷᠤᠭᠠᠰᠤ ᠶᠢ ᠬᠥᠩᠭᠡᠷᠡᠭᠦᠯᠬᠦ︾ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ︽ᠪᠢ ᠲᠠᠨ ᠢ ᠬᠠᠪᠰᠤᠷᠤᠶ᠎ᠠ︾ ᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠬᠠᠷᠢᠶ᠎ᠠ ᠣᠷᠣᠨ ᠤ ᠲᠣᠭᠤᠷᠢᠭ ᠢᠶᠠᠷ ᠬᠦᠷᠴᠦ᠂ ᠣᠯᠠᠨ ᠲᠦᠮᠡᠨ ᠳᠤ ︽ᠪᠣᠯᠪᠠᠰᠤᠨ ᠤᠷᠤᠭ ᠤᠨ ᠵᠠᠩᠰᠢᠯ ᠤᠨ ᠰᠠᠨᠠᠭᠠᠴᠢᠯᠠᠭ᠎ᠠ ᠶᠢᠨ ᠪᠢᠴᠢᠭ︾ ᠵᠢᠴᠢ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠳᠡᠷᠭᠡᠳᠡᠬᠢ ᠪᠣᠳᠠᠲᠤ ᠵᠢᠱᠢᠶ᠎ᠡ ᠲᠠᠢ ᠪᠠᠨ ᠤᠶᠠᠯᠳᠤᠭᠤᠯᠤᠨ᠂ ᠥᠨᠳᠥᠷ ᠦᠨ᠎ᠠ ᠲᠠᠢ ᠥᠩᠭᠡᠲᠦ ᠪᠡᠯᠡᠭ ᠠᠴᠠ ᠪᠣᠯᠤᠭᠰᠠᠨ ᠳᠠᠷᠤᠭᠠᠰᠤ ᠪᠠ ᠬᠤᠤᠷ ᠬᠥᠨᠥᠭᠡᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠨ ᠥᠭᠴᠦ᠂ ᠣᠯᠠᠨ ᠢᠶᠠᠷ ᠢᠶᠠᠨ ᠵᠥᠪ ᠣᠨᠣᠪᠴᠢᠲᠠᠶ ᠤᠷᠤᠭ ᠤᠨ ᠦᠵᠡᠯᠲᠡ ᠲᠠᠢ ᠪᠣᠯᠬᠤ ᠶᠢ ᠰᠠᠨᠠᠭᠠᠴᠢᠯᠠᠪᠠ᠃ ᠳᠣᠯᠣᠭᠠᠨ ᠰᠠᠷ᠎ᠠ ᠶᠢᠨ ᠳᠣᠯᠣᠭᠠᠨ ᠤ ᠠᠮᠲᠠᠲᠤ ᠢᠳᠡᠭᠡᠨ ᠢᠶᠠᠨ ᠬᠤᠪᠢᠶᠠᠯᠴᠠᠬᠤ ᠠᠵᠢᠯᠯᠠᠭ᠎ᠠ᠃ ᠰᠠᠶᠢᠨ ᠳᠤᠷ᠎ᠠ ᠶᠢᠨ ᠣᠶᠢᠯᠡᠴᠢᠯᠡᠭᠴᠢ ᠭᠡᠷ ᠠᠴᠠ ᠪᠠᠨ ᠠᠮᠳᠡᠳᠣ ᠨᠣᠭᠤᠭ᠎ᠠ ᠪᠠᠨ ᠠᠪᠴᠤ ᠲᠤᠬᠠᠢ ᠶᠢᠨ ᠲᠠᠯᠠᠪᠠᠢ ᠳᠤ ᠬᠦᠷᠴᠣ᠂ ᠨᠣᠭᠤᠭ᠎ᠠ ᠨᠢᠭᠡᠪᠦᠷᠢ ᠨᠢ ᠪᠦᠷ ᠭᠡᠷ ᠪᠦᠯᠢ ᠶᠢᠨ ᠦᠨᠦᠷ ᠠᠮᠲᠠ ᠪᠠ ᠬᠠᠶᠢᠷ᠎ᠡ ᠶᠢ ᠠᠴᠢᠶᠠᠯᠠᠵᠤ ᠪᠠᠶᠢᠳᠠᠭ᠃ ᠠᠵᠢᠯᠯᠠᠭᠠᠨ ᠳᠤ ᠣᠯᠠᠨ ᠢᠶᠠᠷ ᠢᠶᠠᠨ ᠭᠡᠷ ᠪᠦᠯᠢ ᠶᠢᠨ ᠬᠠᠯᠠᠭᠤᠨ ᠲᠣᠯᠠᠭᠠᠨ᠂ ᠢᠳᠡᠭᠡᠨ ᠣᠮᠳᠡᠭᠠᠨ ᠳᠠᠬᠢ ᠬᠠᠶᠢᠷ᠎ᠡ ᠰᠡᠳᠭᠢᠯᠭᠡ ᠪᠠᠨ ᠬᠤᠪᠢᠶᠠᠯᠴᠠᠵᠤ᠂ ᠨᠢᠭᠡ ᠰᠢᠷᠡᠭᠡ ᠶᠢ ᠲᠣᠭᠤᠷᠢᠨ ᠰᠠᠭᠤᠵᠤ᠂ ᠠᠮᠳᠡᠳᠣ ᠢᠳᠡᠭᠡᠨ ᠤ ᠳᠠᠶᠢᠯᠠᠯᠭ᠎ᠠ ᠶᠢ ᠬᠠᠮᠲᠤ ᠪᠠᠷ ᠡᠳ᠋ᠯᠡᠨ᠂ ᠬᠥᠷᠰᠢ ᠵᠡᠷᠭᠡᠯᠡᠳᠡᠭᠡ ᠶᠢᠨ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠢ ᠣᠯᠠᠨ ᠤ ᠬᠠᠮᠲᠤ ᠶᠢᠨ ᠬᠠᠯᠠᠭᠤᠨ ᠳᠤᠯᠠᠭᠠᠨ ᠭᠡᠷ ᠣᠷᠣᠨ ᠪᠣᠯᠭᠠᠪᠠ᠃ ᠬᠠᠯᠠᠭᠤᠨ ᠳᠣᠲᠣᠨᠣ᠂ ᠡᠶ᠎ᠡ ᠨᠠᠶᠢᠷᠲᠠᠢ᠂ ᠥᠭᠡᠳᠡᠯᠡᠨ ᠲᠠᠪᠰᠢᠬᠤ ᠨᠢ ᠨᠢᠭᠡ ᠭᠡᠷ ᠪᠦᠯᠢ ᠶᠢᠨ ᠤᠯᠠᠮᠵᠢᠯᠠᠯᠲᠤ ᠡᠳᠦᠷ ᠤᠨ ᠰᠣᠶᠣᠯ ᠤᠨ ᠲᠤᠬᠠᠶ ᠠᠮᠢᠳᠤᠯᠢᠭ ᠲᠠᠶᠢᠯᠪᠤᠷᠢᠯᠠᠯᠲᠠ ᠮᠥᠨ᠂ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠳᠤᠮᠳᠠᠳᠤ ᠶᠢᠨ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠭᠦᠨᠵᠡᠭᠡᠶᠢᠷᠡᠭᠦᠯᠦᠭᠰᠡᠨ ᠮᠥᠷᠲᠡᠭᠡᠨ ᠪᠠᠰᠠ ︽ᠭᠡᠷ ᠤᠨ ᠰᠤᠷᠲᠠᠯ ᠢ ᠰᠠᠶᠢᠲᠤᠷ ᠤᠯᠠᠮᠵᠢᠯᠠᠬᠤ︾ ᠦᠵᠡᠯᠲᠡ ᠶᠢ ᠰᠠᠭᠤᠭᠠᠯᠢ ᠠᠷᠠᠳ ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠵᠠᠶ᠃ ᠰᠠᠭᠤᠭᠠᠯᠢ ᠠᠷᠠᠳ ᠲᠤ ᠤᠯᠠᠮᠵᠢᠯᠠᠯᠲᠤ ᠡᠳᠦᠷ ᠤᠨ ᠠᠴᠢ ᠬᠤᠯᠪᠣᠭᠳᠠᠯ ᠪᠠ ᠠᠭᠤᠯᠤᠭᠳᠠᠬᠤᠨ ᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ ᠪᠠᠰᠠ ᠨᠡᠩ ᠤᠯᠠᠨ ᠭᠡᠷ ᠪᠦᠯᠢ ᠳᠤ ᠰᠢᠯᠢᠳᠡᠭ ᠭᠡᠷ ᠤᠨ ᠰᠤᠷᠲᠠᠯ ᠤᠨ ᠤᠶᠤᠨ ᠰᠠᠨᠠᠭᠠᠨ ᠤ ᠬᠦᠴᠦᠨ ᠴᠢᠳᠠᠯ ᠢ ᠣᠶᠢᠯᠠᠭᠠᠭᠤᠯᠵᠤ᠂ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠵᠥᠪ ᠬᠠᠶᠢᠷ᠎ᠠ ᠰᠡᠳᠬᠢᠯᠭᠡ ᠶᠢᠨ ᠦᠵᠡᠯᠲᠡ᠂ ᠤᠷᠤᠭ ᠤᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠭᠡᠷ ᠪᠦᠯᠢ ᠶᠢᠨ ᠤᠶᠤᠨ ᠤᠬᠠᠭᠠᠨ ᠢ ᠤᠯᠠᠮᠵᠢᠯᠠᠨ ᠵᠠᠯᠭᠠᠮᠵᠢᠯᠠᠭᠰᠠᠨ ᠪᠠᠶᠢᠨ᠎ᠠ᠃
 
ᠢᠷᠡᠯᠲᠡ᠄   ᠷᠡᠰᠢᠶᠠᠨ ᠬᠤᠳᠡ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号