ᠰᠦᠬᠡ ᠳ᠋ᠧ ᠺᠠᠩ ᠪᠦᠯᠦᠭᠯᠡᠯ ᠤᠨ ᠸᠠᠩ ᠳ᠋ᠧ ᠭᠧᠨ ᠬᠡᠷᠡᠭ ᠮᠡᠳᠡᠭᠴᠢᠳ ᠤᠨ ᠳᠠᠷᠤᠭ᠎ᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/20
         8 ᠰᠠᠷ᠎ᠠ ᠶᠢᠨ 12 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ  ᠶᠢᠨ ᠱᠦᠵᠢ ᠰᠦᠬᠡ ᠳ᠋ᠧ ᠺᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠳ᠋ᠧ ᠭᠧᠨ ᠲᠠᠢ ᠠᠭᠤᠯᠵᠠᠪᠠ᠃    ᠰᠦᠬᠡ ᠳ᠋ᠧ ᠺᠠᠩ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠬᠥᠭᠵᠢᠯᠲᠡ ᠶᠢ ᠲᠡᠮᠵᠢᠨ ᠬᠠᠪᠰᠤᠷᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠳ᠋ᠧ ᠺᠠᠩ ᠪᠦᠯᠦᠭᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 100 ᠲᠦᠮᠡᠨ ᠭᠠᠭ᠋ᠠᠢ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠤᠨ ᠠᠵᠢᠯ ᠡᠬᠢᠯᠡᠭᠰᠡᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠳ᠋ᠧ ᠺᠠᠩ ᠪᠦᠯᠦᠭᠯᠡᠯ ᠪᠣᠯ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠮᠥᠨ᠂ ᠣᠷᠣᠨ ᠨᠤᠲᠤᠭ ᠤᠨ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤ᠂ ᠳᠠᠯᠳᠠ ᠬᠦᠴᠦᠨ ᠯᠤᠲᠤ ᠶᠡᠭᠡ᠂ ᠢᠷᠡᠭᠡᠳᠦᠶ ᠰᠠᠷᠠᠭᠤᠯ ᠠᠭᠤᠳᠠᠮ ᠶᠤᠮ᠃ ᠠᠵᠤ ᠠᠬᠤᠶᠢᠯᠠᠯ ᠤᠳ ᠤᠳᠤ ᠶᠢᠨ ᠬᠠᠮᠲᠤᠷᠠᠯᠴᠠᠭ᠎ᠠ ᠶᠢᠨ ᠰᠠᠭᠤᠷᠢᠨ ᠳᠡᠭᠡᠷ᠎ᠡ᠂ ᠪᠡᠯᠡ ᠣᠷᠣᠭᠤᠯᠤᠨ ᠬᠥᠭᠵᠢᠭᠦᠯᠬᠦ ᠢᠲᠡᠭᠡᠯ ᠢᠶᠠᠨ ᠪᠠᠲᠤᠳᠬᠠᠵᠤ᠂ ᠳᠠᠷᠢᠵᠤ ᠲᠡᠵᠢᠭᠡᠬᠦ ᠶᠢ ᠡᠷᠭᠢᠯᠳᠦᠭᠦᠯᠬᠦ᠂ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠨᠠᠷᠢᠯᠢᠭ ᠡᠳ᠋ᠰᠢᠭᠦᠯᠬᠦ᠂ ᠬᠥᠳᠡᠭᠡ ᠠᠵᠤ ᠠᠬᠤᠢ ᠲᠠᠢ ᠬᠤᠯᠪᠣᠭᠠᠯᠠᠨ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠵᠡᠷᠭᠡ ᠲᠠᠯ᠎ᠠ ᠪᠠᠷ ᠦᠷᠭᠦᠯᠵᠢᠯᠡᠨ ᠭᠦᠨᠵᠡᠭᠡᠢ ᠵᠣᠯᠭᠠᠭᠤᠯᠬᠤ ᠬᠠᠮᠲᠤᠷᠠᠯᠴᠠᠭ᠎ᠠ ᠥᠷᠨᠢᠭᠦᠯᠵᠦ᠂ ᠨᠡᠩ ᠤᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠵᠦ᠂ ᠬᠠᠮᠲᠤᠷᠠᠯᠴᠠᠭ᠎ᠠ ᠶᠢᠨ ᠳᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠠᠶᠢᠮᠠᠭ ᠬᠤᠰᠢᠭᠤ ᠬᠤᠶᠠᠷ ᠱᠠᠲᠤᠨ ᠤ ᠬᠢᠨ ᠡᠯ᠎ᠡ  ᠵᠦᠢᠯ ᠤᠨ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠳ᠋ᠧ ᠺᠠᠩ  ᠪᠦᠯᠦᠭᠯᠡᠯ ᠤᠨ ᠠᠵᠤ ᠦᠶ᠋ᠯᠡᠰ ᠤᠨ ᠪᠠᠶᠢᠷᠢᠰᠢᠭᠤᠯᠤᠯᠲᠠ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ᠂ ᠥᠷᠭᠡᠳᠬᠡᠭᠰᠡᠨ ᠰᠠᠭᠤᠷᠢᠨ ᠭᠠᠵᠠᠷ ᠲᠤ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠠᠩᠭᠠᠵᠤ᠂ ᠠᠵᠤ ᠠᠬᠤᠶᠢᠯᠠᠯ ᠤᠨ ᠬᠢᠩᠭᠠᠨ ᠠᠶᠢᠮᠠᠭ ᠲᠤ ᠰᠠᠨᠠᠭ᠎ᠠ ᠠᠮᠤᠷ ᠪᠠᠯᠠ ᠣᠷᠣᠭᠤᠯᠬᠤ᠂ ᠰᠠᠨᠠᠭ᠎ᠠ ᠠᠮᠤᠷ  ᠦᠢᠯᠡᠰ ᠴᠣᠭᠴᠠᠯᠠᠬᠤ᠂ ᠰᠠᠨᠠᠭ᠎ᠠ ᠠᠮᠤᠷ ᠬᠥᠭᠵᠢᠬᠦ ᠳᠤ ᠬᠦᠴᠦᠨ ᠨᠡᠮᠡᠷᠢᠯᠡᠨ᠎ᠡ᠃    ᠸᠠᠩ ᠳ᠋ᠧ ᠭᠧᠨ ᠳ᠋ᠧ ᠺᠠᠩ ᠪᠦᠯᠦᠭᠯᠡᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠰᠠᠨᠠᠭᠤᠯᠭ᠎ᠠ ᠳᠤᠷᠠᠳᠴᠠᠢ᠃ ᠲᠡᠷᠡ᠂ ᠳ᠋ᠧ ᠺᠠᠩ ᠪᠦᠯᠦᠭᠯᠡᠯ ᠤᠨ ᠡᠬᠢ ᠪᠠᠶᠠᠯᠢᠭ᠂ ᠠᠵᠤ ᠦᠢᠯᠡᠰ᠂ ᠪᠡᠯᠡ ᠮᠥᠩᠭᠦ ᠪᠣᠯᠤᠨ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠣᠷᠳᠣᠵᠤ ᠲᠡᠵᠢᠭᠡᠨ ᠦᠷᠡᠵᠢᠭᠦᠯᠬᠦ᠂ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠨᠠᠷᠢᠯᠢᠭ ᠡᠳ᠋ᠰᠢᠭᠦᠯᠬᠦ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠯᠤᠭ᠎ᠠ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠮᠲᠤᠷᠠᠯᠴᠠᠭᠠᠨ ᠤ  ᠬᠡᠪᠴᠢᠶ᠎ᠡ ᠪᠠᠨ ᠥᠷᠭᠡᠳᠬᠡᠵᠦ᠂ ᠬᠢᠩᠭᠠᠨ ᠠᠶᠢᠮᠠᠭ ᠤᠨ ᠠᠵᠤ ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠲᠡᠮᠵᠢᠨ᠎ᠠ ᠭᠡᠵᠦ ᠢᠯᠡᠳᠬᠡᠪᠡ᠃    ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ᠂ ᠰᠦᠨ  ᠱᠦ ᠲᠤᠤ ᠵᠢᠴᠢ ᠡᠮᠦᠨᠡᠲᠦ ᠬᠤᠰᠢᠭᠤ ᠪᠣᠯᠤᠨ ᠬᠡᠰᠡᠭ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠶ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号