ᠬᠢᠩᠭᠠᠨ ᠠᠶᠢᠮᠠᠭ ᠤᠨ ᠬᠢᠨ ᠪᠡᠭᠡᠵᠢᠩ ᠤᠨ ᠳᠦᠷᠪᠡᠨ ᠲᠣᠭᠤᠷᠢᠭ ᠲᠠᠢ ᠭᠠᠷ ᠬᠤᠯᠪᠣᠨ 25 ᠲᠦᠷᠦᠯ ᠵᠦᠢᠯ ᠳᠤ ᠠᠮᠵᠢᠯᠲᠠ ᠲᠠᠢ ᠭᠠᠷ ᠤᠨ ᠦᠰᠦᠭ ᠵᠢᠷᠤᠵᠤ ᠵᠣᠭᠤᠰᠣᠨ ᠲᠤᠭ᠎ᠠ ᠨᠢ ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠢ︕
ᠨᠡᠶᠢᠲᠡᠯᠡᠭᠰᠡᠨ ᠴᠠᠭ᠄
2024/8/20
      ᠪᠡᠭᠡᠵᠢᠩ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠬᠠᠮᠵᠢᠯᠴᠠᠭᠠᠨ ᠤ ᠠᠵᠢᠯ ᠤᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠬᠢᠩᠭᠠᠨ ᠬᠤᠶᠠᠷ ᠭᠠᠵᠠᠷ ᠤᠨ ᠨᠢᠭᠡᠳᠦᠮᠡᠯ ᠹᠷᠣᠨᠲ ᠤᠨ ᠡᠬᠢ ᠪᠠᠶᠠᠯᠢᠭ ᠤᠨ ᠳᠠᠪᠠᠭᠤᠯᠢᠭ ᠢ  ᠭᠦᠢᠴᠡᠳ ᠪᠠᠳᠠᠷᠠᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 13 ᠤ ᠡᠳᠦᠷ ᠠᠴᠠ 16 ᠤ ᠡᠳᠦᠷ ᠪᠣᠯᠲᠠᠯ᠎ᠠ᠂ ᠬᠢᠩᠭᠠᠨ ᠠᠶᠢᠮᠠᠭ ᠬᠢᠭᠡᠳ ᠪᠡᠭᠡᠵᠢᠩ ᠬᠤᠲᠠ ᠶᠢᠨ ᠳ᠋ᠦᠩᠴᠧᠩ᠂ ᠬᠠᠶᠢᠳᠢᠶᠠᠨ᠂   ᠹᠧᠩ ᠲᠠᠢ ᠂ ᠹᠠᠩᠱᠠᠨ ᠳᠥᠷᠪᠡᠨ ᠲᠣᠭᠤᠷᠢᠭ ᠤᠨ ᠨᠢᠭᠡᠳᠦᠮᠡᠯ ᠹᠷᠣᠨᠲ ᠤᠨ ᠬᠠᠮᠵᠢᠯᠴᠠᠭᠠᠨ ᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃    16 ᠤ ᠡᠳᠦᠷ ᠶᠠᠪᠤᠭᠳᠠᠭᠰᠠᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂  ᠳ᠋ᠦᠩᠴᠧᠩ  ᠲᠣᠭᠤᠷᠢᠭ ᠬᠢᠭᠡᠳ ᠷᠠᠰᠢᠶᠠᠨ ᠬᠤᠲᠠ᠂ ᠹᠧᠩ ᠲᠠᠢ ᠲᠣᠭᠤᠷᠢᠭ ᠬᠢᠭᠡᠳ ᠵᠠᠯᠠᠶᠢᠳ ᠬᠤᠰᠢᠭᠤ᠂ ᠬᠠᠶᠢᠳᠢᠶᠠᠨ ᠲᠣᠭᠤᠷᠢᠭ ᠬᠢᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠢᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠹᠠᠩᠱᠠᠨ ᠲᠣᠭᠤᠷᠢᠭ ᠬᠢᠭᠡᠳ ᠲᠦᠴᠢᠦᠸᠠᠨ ᠰᠢᠶᠠᠨ ᠲᠣᠰ ᠲᠣᠰ ᠭᠡᠷ᠎ᠡ ᠲᠣᠭᠲᠠᠪᠠ᠃ ᠲᠣᠰ ᠤᠳᠠᠭ᠎ᠠ ᠨᠡᠶᠢᠲᠡ 9 ᠲᠠᠯ᠎ᠠ ᠶᠢᠨ 25 ᠪᠣᠳᠠᠲᠠᠶ  ᠵᠦᠢᠯᠡᠰ ᠲᠤ ᠭᠠᠷ ᠤᠨ ᠥᠰᠥᠭ ᠵᠢᠷᠤᠵᠤ᠂ ᠪᠠᠯᠠ ᠮᠥᠩᠭᠦᠨ ᠤ ᠪᠥᠬᠦ ᠲᠤᠭ᠎ᠠ ᠨᠢ 1 ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠶ᠃    2021 ᠣᠨ ᠳᠤ ᠰᠢᠨ᠎ᠡ ᠨᠢᠭᠡ ᠡᠭᠡᠯᠵᠢ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠢᠭᠰᠡᠨ ᠠᠴᠠ ᠨᠠᠰᠢ᠂ ᠪᠡᠭᠡᠵᠢᠩ ᠬᠤᠲᠠ ᠶᠢᠨ ᠳᠥᠷᠪᠡᠨ ᠲᠣᠭᠤᠷᠢᠭ ᠬᠢᠭᠡᠳ ᠬᠢᠩᠭᠠᠨ ᠠᠶᠢᠮᠠᠭ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠬᠤᠰᠢᠭᠤ ᠰᠢᠶᠠᠨ ᠬᠤᠲᠠ ᠵᠡᠷᠭᠡ ᠪᠠᠷ ᠤᠷᠤᠭᠰᠢᠯᠠᠵᠤ᠂ ᠠᠵᠤ  ᠦᠢᠯᠡᠰ ᠤᠨ ᠬᠠᠮᠲᠤᠷᠠᠯᠴᠠᠭ᠎ᠠ᠂ ᠡᠬᠢ ᠪᠠᠶᠠᠯᠢᠭ ᠤᠨ ᠬᠠᠷᠢᠯᠴᠠᠨ ᠨᠥᠬᠦᠪᠥᠷᠢᠯᠡᠬᠦ᠂ ᠬᠥᠳᠡᠯᠮᠦᠷᠢ  ᠦᠢᠯᠡᠴᠢᠯᠡᠭᠡ  ᠶᠢᠨ ᠵᠣᠯᠭᠠᠯᠴᠠᠭ᠎ᠠ᠂ ᠴᠢᠳᠠᠪᠤᠷᠢᠲᠠᠨ ᠤ ᠰᠣᠯᠢᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠡᠭᠡᠵᠢᠩ ᠬᠤᠲᠠ ᠶᠢᠨ ᠲᠣᠭᠤᠷᠢᠭ ᠬᠤᠶᠠᠷ ᠱᠠᠲᠤᠨ ᠤ ᠲᠤᠰᠠᠯᠠᠮᠵᠢ ᠶᠢᠨ ᠪᠠᠯᠠ ᠮᠥᠩᠭᠦ ᠨᠡᠶᠢᠲᠡ 14.41 ᠳ᠋ᠦᠩᠰᠢᠭᠤᠷ ᠲᠥᠭᠦᠷᠢᠭ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ  ᠵᠦᠢᠯ ᠢ 531 ᠬᠡᠷᠡᠭᠵᠢᠭᠦᠯᠵᠦ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠡᠯ᠎ᠡ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠪᠡ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠤᠳᠠᠭᠠᠨ ᠤ ᠠᠬᠢᠭᠤᠯᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠠ ᠲᠣᠬᠢᠶᠠᠯ ᠢ ᠠᠳᠬᠤᠨ᠂ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠪᠡᠭᠡᠵᠢᠩ ᠬᠤᠲᠠ ᠶᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠨᠢᠭᠡᠴᠡ ᠲᠠᠢ ᠰᠠᠶᠢᠲᠤᠷ ᠵᠣᠯᠭᠠᠭᠤᠯᠵᠤ᠂ ᠭᠡᠷ᠎ᠡ ᠲᠣᠭᠲᠠᠬᠤ ᠲᠥᠷᠥᠯ  ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠪᠡᠭᠡᠵᠢᠩ ᠬᠤᠲᠠ ᠶᠢᠨ ᠨᠢᠭᠡᠳᠦᠮᠡᠯ ᠹᠷᠣᠨᠲ ᠤᠨ ᠬᠦᠷᠢᠶᠡᠨ ᠳᠠᠬᠢ ᠡᠬᠢ ᠪᠠᠶᠠᠯᠢᠭ ᠡᠯᠪᠡᠭ ᠳᠡᠯᠪᠡᠭ᠂ ᠴᠢᠳᠠᠪᠤᠷᠢᠲᠠᠨ ᠴᠤᠭᠯᠠᠷᠠᠭᠰᠠᠨ᠂ ᠣᠶᠤᠨ ᠤᠬᠠᠭᠠᠨ ᠲᠥᠪᠯᠡᠷᠡᠭᠰᠡᠨ ᠳᠠᠪᠠᠭᠤᠯᠢᠭ ᠢ ᠠᠰᠢᠭᠯᠠᠵᠤ᠂ ᠭᠤᠣᠯ ᠢ ᠨᠢ ᠲᠣᠭᠤᠷᠢᠭᠠᠳ ᠶᠡᠭᠡ ᠲᠠᠯ᠎ᠠ ᠳᠤ ᠦᠢᠯᠡᠴᠢᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ᠂ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠦᠴᠦᠷᠬᠡᠭᠵᠢᠭᠦᠯᠦᠨ᠂ ᠬᠢᠩᠭᠠᠨ ᠤ ᠲᠤᠲᠤᠷᠭ᠎ᠠ᠂ ᠬᠢᠩᠭᠠᠨ ᠤ ᠨᠠᠷᠢᠮᠤ᠂ ᠬᠢᠩᠭᠠᠨ ᠤ ᠠᠯᠠᠰᠢᠨ ᠦᠬᠡᠷ᠂ ᠬᠢᠩᠭᠠᠨ ᠤ ᠠᠯᠠᠰᠢᠨ ᠬᠤᠨᠢ ᠵᠡᠷᠭᠡ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠲᠤᠮᠤ ᠶᠠᠪᠤᠳᠠᠯ︾ ᠢ ᠰᠠᠶᠢᠲᠤᠷ ᠬᠢᠵᠦ᠂ ᠵᠤᠭᠠᠴᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠰᠠᠶᠢᠲᠤᠷ ᠬᠢᠵᠦ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠵᠤ᠂ ᠬᠦᠴᠦᠷᠬᠡᠭ ᠶᠡᠭᠡ ᠤᠶᠤᠨ ᠤᠬᠠᠭᠠᠨ ᠢᠶᠠᠨ ᠡᠷᠭᠦᠨ᠎ᠡ᠃    ᠬᠤᠷᠠᠯ ᠤᠨ ᠬᠤᠭᠤᠴᠠᠭᠠᠨ ᠳᠤ᠂ ᠪᠡᠭᠡᠵᠢᠩ ᠬᠤᠳᠠ ᠶᠢᠨ ᠲᠦᠷᠪᠡᠨ ᠲᠣᠭᠤᠷᠢᠭ ᠠᠴᠠ ᠢᠷᠡᠭᠰᠡᠨ ᠨᠢᠭᠡᠳᠦᠮᠡᠯ ᠹᠷᠣᠨᠲ᠂  ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠥᠬᠦᠳ ᠵᠢᠴᠢ ᠬᠠᠮᠢᠶ᠎ᠠ ᠪᠦᠬᠦᠢ ᠠᠷᠠᠳᠴᠢᠯᠠᠭᠰᠠᠨ ᠨᠠᠮ ᠪᠦᠯᠦᠭ ᠤᠨ ᠬᠥᠮᠦᠰ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠪᠠᠰᠠ ᠬᠢᠩᠭᠠᠨ ᠠᠶᠢᠮᠠᠭ ᠤᠨ ᠤᠯᠠᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢᠨ ᠭᠦᠨ ᠠᠭᠤᠯᠬᠤᠨ ᠢ ᠣᠶᠢᠯᠠᠭᠠᠵᠤ᠂ ᠬᠤᠪᠢᠰᠬᠠᠯ ᠤᠨ ᠰᠣᠶᠣᠯ ᠤᠨ ᠦᠷᠭᠦᠯᠵᠢᠯᠡᠨ ᠤᠯᠠᠮᠵᠢᠯᠠᠭᠳᠠᠬᠤ ᠶᠢ ᠭᠡᠷᠡᠴᠢᠯᠡᠵᠦ᠂ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠬᠠᠮᠲᠤᠪᠠᠷ ᠰᠦᠪᠡᠭᠴᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠢᠷᠡᠭᠡᠳᠦᠢ ᠳᠤ ᠨᠡᠩ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠵᠤ ᠥᠭᠭᠦᠨ᠎ᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号