ᠢᠦᠶ ᠵᠢᠶ ᠱᠦᠨ ᠴᠠᠷᠠᠰᠤᠨ ᠭᠠᠴᠠᠭ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/23
     8 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠴᠠᠷᠠᠰᠤᠨ ᠭᠠᠴᠠᠭ᠎ᠠ ᠳᠤ ᠢᠷᠡᠵᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃    ᠴᠠᠷᠠᠰᠤᠨ ᠭᠠᠴᠠᠭᠠᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠢᠦᠢ ᠵᠢᠢ ᠱᠦᠨ ᠲᠤᠬᠠᠢ ᠶᠢᠨ ᠭᠠᠵᠠᠷ ᠤᠨ ᠨᠠᠮ ᠤᠨ ᠭᠡᠰᠢᠭᠦᠨ ᠺᠠᠳ᠋ᠷ ᠪᠣᠯᠤᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ ᠬᠢᠭᠰᠡᠨ ᠪᠥᠭᠡᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠲᠠᠶᠢᠯᠤᠮᠵᠢ ᠬᠢᠵᠡᠢ᠃ ᠲᠡᠷᠡ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ  ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠷᠢᠨ ᠬᠢᠨᠠᠮᠠᠭᠠᠢ ᠤᠩᠰᠢᠵᠤ᠂ ᠲᠡᠷᠡ ᠬᠡᠪ ᠢᠶᠠᠷ ᠨᠢ ᠦᠵᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠦᠵᠡᠯ ᠰᠠᠨᠠᠭᠠᠨ ᠤ ᠭᠤᠣᠯ ᠴᠢᠮᠥᠭᠡ᠂ ᠭᠤᠣᠯ ᠠᠭᠤᠯᠭ᠎ᠠ ᠶᠢ ᠣᠨᠣᠪᠴᠢᠲᠠᠢ ᠤᠢᠢᠯᠠᠭᠠᠨ ᠡᠵᠡᠮᠰᠢᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠶᠠᠪᠤᠳᠠᠯ ᠢ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢᠨ ᠭᠤᠣᠯ ᠰᠢᠵᠢᠮ ᠪᠣᠯᠭᠠᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠡᠯ᠎ᠡ ᠵᠦᠶ᠋ᠯ ᠤᠨ ᠥᠭᠡᠷᠡᠴᠢᠯᠡᠯᠲᠡ ᠶᠢᠨ ᠡᠭᠦᠷᠭᠡ ᠬᠠᠷᠠᠯᠲᠠ ᠶᠢ ᠭᠠᠴᠠᠭᠠᠨ ᠤ ᠠᠵᠢᠯ ᠤᠨ ᠪᠣᠳᠠᠲᠠᠶ ᠲᠠᠢ ᠤᠶᠠᠯᠳᠤᠭᠤᠯᠵᠤ᠂ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠠᠷᠭ᠎ᠠ ᠪᠠᠷ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠰᠣᠶᠣᠯ᠂ ᠠᠮᠢ ᠠᠬᠤᠶ ᠵᠡᠷᠭᠡ ᠲᠠᠯ᠎ᠠ ᠶᠢᠨ ᠠᠰᠠᠭᠤᠳᠠᠯ ᠢ  ᠰᠢᠢᠳᠪᠦᠷᠢᠯᠡᠬᠦ ᠬᠡᠷᠡᠭᠲᠡᠶ᠃ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠠᠨ ᠪᠣᠯᠭᠠᠵᠤ᠂ ︽ᠳᠥᠷᠪᠡ ᠶᠢ ᠰᠠᠯᠭᠠᠬᠤ ᠥᠬᠡᠶ︾ ᠠᠵᠢᠯ ᠤᠨ ᠱᠠᠭᠠᠷᠳᠠᠯᠭ᠎ᠠ ᠶᠣᠰᠣᠭᠠᠷ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠶᠢ ᠰᠠᠶᠢᠲᠤᠷ ᠠᠳᠬᠤᠵᠤ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ  ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠭᠠᠵᠠᠷ ᠰᠢᠷᠣᠶ ᠶᠢ ᠡᠷᠭᠢᠯᠳᠦᠭᠦᠯᠬᠦ᠂ ᠰᠤᠯᠠ ᠪᠠᠶᠢᠬᠤ ᠣᠷᠣᠨ ᠰᠠᠭᠤᠴᠠ ᠶᠢᠨ ᠭᠠᠵᠠᠷ ᠢ ᠠᠮᠢᠳᠤᠯᠢᠭ ᠪᠣᠯᠭᠠᠬᠤ ᠵᠡᠷᠭᠡ ᠠᠵᠢᠯ ᠢ ᠲᠣᠬᠢᠲᠠᠶ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠦᠨᠡᠨᠬᠦ ᠰᠠᠶᠢᠲᠤᠷ ᠬᠢᠨ᠎ᠠ᠃ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠬᠥᠳᠡᠭᠡ ᠲᠣᠰᠬᠤᠨ ᠤ ᠠᠵᠤ  ᠦᠢᠯᠡᠰ ᠤᠨ ᠬᠥᠭᠵᠢᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠭᠠᠳᠠᠭᠰᠢ ᠭᠠᠷᠴᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠣᠷᠣᠯᠠᠭᠤᠯᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠡᠬᠢ ᠪᠠᠶᠠᠯᠢᠭ ᠲᠤ ᠲᠦᠰᠢᠭᠯᠡᠨ ᠰᠤᠳᠤᠯᠤᠨ ᠰᠤᠷᠤᠯᠴᠠᠬᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠬᠠᠪᠰᠤᠷᠤᠨ ᠲᠡᠳᠬᠦᠬᠦ ᠬᠦᠴᠦᠨ ᠢ ᠰᠠᠶᠢᠲᠤᠷ ᠬᠡᠷᠡᠭᠯᠡᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠳᠡᠮᠵᠢᠯᠭᠡ ᠶᠢ ᠤᠯᠬᠤ ᠪᠠᠷ ᠴᠢᠷᠮᠠᠶᠢᠬᠤ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃    ᠢᠦᠢ ᠵᠢᠢ ᠱᠦᠨ ᠪᠠᠰᠠ ᠴᠠᠷᠠᠰᠤᠨ ᠭᠠᠴᠠᠭ᠎ᠠ ᠶᠢᠨ ᠬᠥᠳᠡᠭᠡ ᠠᠵᠤ ᠠᠬᠤᠢ ᠶᠢᠨ ᠰᠢᠨ᠎ᠡ ᠶᠢ ᠡᠭᠦᠳᠬᠦ ᠰᠠᠭᠤᠷᠢᠨ ᠪᠣᠯᠤᠨ ᠬᠦᠷᠢᠶᠡᠨ ᠤ ᠠᠵᠤ ᠠᠬᠤᠢ ᠶᠢᠨ  ᠵᠢᠱᠢᠶ᠎ᠡ ᠦᠵᠡᠭᠦᠯᠬᠦ ᠡᠷᠦᠬᠡ ᠳᠤ ᠬᠦᠷᠴᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号