ᠢᠦᠶ ᠵᠢᠶ ᠱᠦᠨ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/26
     8 ᠳ᠋ᠤᠭᠠᠷ ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃    ᠢᠦᠢ ᠵᠢᠢ ᠱᠦᠨ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠳᠤ᠂ ᠢᠮᠠᠭᠲᠠ ᠥᠨᠳᠥᠷ ᠵᠣᠭᠰᠣᠴᠠ ᠠᠴᠠ ᠰᠦᠪᠡᠭᠴᠢᠯᠡᠬᠦ᠂ ᠳᠡᠭᠡᠳᠦ ᠲᠡᠰ ᠢᠶᠠᠷ ᠠᠬᠢᠭᠤᠯᠬᠤ᠂ ᠥᠨᠳᠥᠷ ᠲᠦᠪᠰᠢᠨ ᠢᠶᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠳᠠᠪᠠᠭᠤᠯᠢᠭ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠦᠷᠦᠯ ᠵᠦᠢᠯ ᠢ ᠪᠤᠶᠢᠵᠢᠭᠤᠯᠬᠤ᠂  ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠠᠵᠤ ᠦᠢᠯᠡᠰᠵᠢᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠷᠠᠭᠠᠯᠠᠨ᠂ ᠠᠵᠤ ᠦᠢᠯᠡᠰᠵᠢᠯᠲᠡ ᠶᠢᠨ ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠲᠤᠲᠤᠷᠭ᠎ᠠ᠂ ᠡᠷᠳᠡᠨᠢ ᠰᠢᠰᠢ᠂ ᠰᠢᠷ᠎ᠠ ᠪᠤᠷᠴᠠᠭ᠂ ᠲᠡᠵᠢᠭᠡᠯ ᠡᠪᠡᠰᠦ᠂ ᠮᠦᠬᠦ ᠶᠢᠨ ᠲᠦᠷᠦᠯ ᠵᠡᠷᠭᠡ ᠭᠤᠣᠯ ᠪᠣᠯᠬᠤ ᠲᠠᠷᠢᠮᠠᠯ ᠤᠨ ᠬᠦᠷᠢᠶᠡᠨ ᠤ ᠪᠦᠬᠦ ᠠᠵᠤ ᠦᠢᠯᠡᠰ ᠤᠨ  ᠬᠡᠯᠬᠢᠶ᠎ᠡ  ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠᠷ ᠭᠤᠣᠯᠳᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠵᠤ ᠠᠬᠤᠶᠢᠯᠠᠯᠲᠠᠨ ᠤ ᠰᠡᠳᠬᠢᠬᠦᠶ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠶ ᠶᠢᠨ ᠳᠠᠪᠠᠭᠤᠯᠢᠭ ᠢ ᠦᠢᠯᠡᠳᠬᠦᠨ ᠤ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠴᠢᠨᠠᠷ ᠰᠠᠶᠢᠲᠠᠶ᠂ ᠥᠨᠳᠥᠷ ᠨᠡᠮᠡᠯᠲᠡ ᠦᠷᠳᠡᠭ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠪᠤᠶᠢᠵᠢᠭᠤᠯᠵᠤ᠂ ᠲᠠᠷᠢᠶᠠᠯᠠᠩ ᠤᠨ ᠲᠠᠷᠢᠮᠠᠯ ᠤᠨ ᠠᠵᠤ ᠠᠬᠤᠶ ᠶᠢᠨ ᠦᠷᠳᠡᠭ ᠪᠣᠯᠤᠨ ᠦᠵᠡᠮᠵᠢ ᠶᠢᠨ ᠠᠵᠤ ᠠᠬᠤᠶ ᠵᠡᠷᠭᠡ ᠶᠢ ᠤᠶᠠᠯᠳᠤᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃ ᠲᠠᠪᠴᠠᠩ᠂ ᠴᠢᠳᠠᠪᠤᠷᠢᠲᠠᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠰᠢᠪᠲᠤᠯᠤᠯᠲᠠ ᠶᠢᠨ ᠴᠡᠭ ᠢ ᠬᠠᠮᠲᠤᠪᠠᠷ ᠠᠭᠤᠳᠠᠯᠵᠤ᠂ ᠪᠦᠬᠦ ᠠᠶᠢᠮᠠᠭ ᠤᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠪᠣᠯᠤᠨ ᠠᠵᠤ ᠦᠢᠯᠡᠰᠵᠢᠯᠲᠡ ᠶᠢᠨ ᠬᠥᠭᠵᠢᠯᠲᠡ ᠶᠢᠨ ᠠᠬᠢᠴᠠ ᠶᠢ ᠲᠦᠷᠭᠡᠳᠬᠡᠵᠦ᠂ ᠬᠢᠩᠭᠠᠨ ᠠᠶᠢᠮᠠᠭ ᠤᠨ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠪᠣᠯᠤᠨ ᠪᠦᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠳᠤ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号