| | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠴᠠᠯᠢᠩ | ᠣᠯᠭᠤᠬᠤ ᠶᠢ ᠪᠠᠲᠤᠯᠠᠬᠤ ᠠᠵᠢᠯ ᠤᠨ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶᠮᠡᠳᠡᠭᠳᠡᠯ︾ ︵ | ᠥᠪᠥᠷ ᠵᠠᠰᠠᠭ ᠲᠠᠷᠬᠠᠭᠠᠭᠰᠠᠨ ︹ 2023 ︺ 24 ᠳ᠋ᠦ᠋ᠭᠡᠷ ᠲᠣᠭᠠᠲᠤ︶ ᠢ ᠲᠠᠨᠠᠷ ᠲᠤ ᠤᠯᠠᠮᠵᠢᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 2 ᠰᠠᠷ᠎ᠠ ᠶᠢᠨ | 6 ᠤ ᠡᠳᠦᠷ | ︵ᠲᠣᠰ ᠮᠠᠲ᠋ᠧᠷᠢᠶᠠᠯ ᠢ | ᠢᠯᠡ ᠨᠡᠶᠢᠲᠡᠯᠡᠨ᠎ᠡ︶ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠢ ᠰᠠᠶᠢᠲᠤᠷ ᠬᠢᠬᠦ | ᠲᠤᠬᠠᠶ | ᠠᠷᠭ᠎ᠠ ᠬᠡᠮᠵᠢᠶ᠎ᠡ ᠨᠦᠭᠦᠳ | ︽ᠬᠥᠯᠥᠰᠥᠨ ᠠᠵᠢᠯᠴᠢᠨ ᠤ ᠴᠠᠯᠢᠩ ᠢ ᠣᠯᠭᠤᠬᠤ ᠶᠢ ᠪᠠᠲᠤᠯᠠᠬᠤ ᠲᠦᠷᠢᠮ︾ ︵ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 724 ᠳ᠋ᠦᠭᠡᠷ ᠲᠣᠭᠠᠲᠤ︶ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ ᠤ ᠴᠠᠯᠢᠩ ᠢ ᠣᠯᠭᠤᠬᠤ ᠶᠢ | ᠪᠠᠲᠤᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠨ ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ︽ᠥᠷᠢ ᠰᠢᠷᠢ ᠶᠢ ᠵᠠᠰᠠᠬᠤ︾ ᠠᠴᠠ ︽ᠥᠷᠢ ᠰᠢᠷᠢ ᠶᠢ ᠰᠡᠷᠭᠡᠶᠢᠯᠡᠬᠦ︾ ᠳᠠᠰᠢ | ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ | ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠨᠢᠭᠡ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ | ︵ᠨᠢᠭᠡ︶ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠠᠷᠢᠶᠠᠲᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠤ | ᠬᠠᠷᠢᠭᠤᠴᠠᠯᠭ᠎ᠠ ᠪᠠᠨ ᠭᠦᠢᠴᠡᠳ ᠭᠦᠢᠴᠡᠳᠭᠡᠭᠰᠡᠨ ᠥᠬᠡᠶ ᠠᠰᠠᠭᠤᠳᠠᠯ ᠳᠤ ᠴᠢᠭᠯᠡᠭᠦᠯᠦᠨ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠢ ᠬᠠᠷᠢᠭᠤᠴᠠᠵᠤ᠂ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠣᠯ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠤᠨ ᠨᠢᠭᠡᠳᠦᠭᠡᠷ | ᠬᠠᠷᠢᠭᠤᠴᠠᠯᠭᠠᠲᠠᠨ ᠪᠣᠯᠤᠨ᠎ᠠ᠃ | ︵ᠬᠤᠶᠠᠷ︶ ᠪᠦᠷᠢᠯᠳᠦᠬᠦᠨ ᠨᠢᠭᠡᠴᠢ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ | ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠣᠯᠭᠤᠬᠤ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠠᠮᠢᠶᠠᠷᠴᠤ ᠵᠢᠯᠣᠭᠤᠳᠬᠤ | ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠭᠦᠭᠰᠡᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠦᠨᠡᠨᠬᠦ ᠰᠠᠶᠢᠲᠤᠷ ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ | ᠤᠳᠠᠭᠠᠰᠢᠷᠠᠭᠤᠯᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ | ᠠᠰᠢᠭᠯᠠᠯᠲᠠ ᠵᠡᠷᠭᠡ ᠬᠠᠮᠢᠶ᠎ᠠ ᠪᠦᠬᠦᠢ ᠠᠵᠢᠯ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠤᠯᠢ ᠶᠣᠰᠣᠭᠠᠷ | ᠵᠢᠷᠤᠮᠵᠢᠭᠤᠯᠵᠤ᠂ ᠬᠥᠮᠦᠨ ᠬᠡᠷᠡᠭᠯᠡᠬᠦ ᠨᠢᠭᠡᠴᠢ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠭᠬᠦ ᠶᠢ ᠪᠠᠲᠤᠯᠠᠬᠤ ᠡᠯ᠎ᠡ ᠵᠦᠢᠯ ᠤᠨ ᠲᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠨ᠂ ᠬᠠᠤᠯᠢ ᠠᠴᠠ ᠵᠥᠷᠢᠴᠡᠨ ᠳᠠᠭᠠᠭᠠᠴᠢᠯᠠᠭᠤᠯᠬᠤ᠂ ᠰᠢᠯᠵᠢᠭᠦᠯᠦᠨ | ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠲᠦᠰᠢᠬᠦ ᠵᠡᠷᠭᠡ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠬᠦ ᠳᠤ ᠬᠦᠷᠦᠭᠦᠯᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ | ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ ᠬᠡᠷᠡᠭᠲᠡᠶ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠠᠯᠠ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ | ᠴᠢᠩᠭᠠᠳᠬᠠᠵᠤ᠂ ᠵᠥᠪᠰᠢᠶᠡᠷᠡᠭᠦᠯᠦᠭᠰᠡᠨ ᠲᠥᠰᠦᠪ ᠢ ᠦᠨᠳᠦᠰᠦᠯᠡᠨ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠬᠡᠷᠡᠭᠰᠡᠬᠦ | ᠪᠠᠯᠠ ᠮᠥᠩᠭᠦ ᠶᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠥᠳᠡᠯᠮᠦᠷᠢ ᠶᠢᠨ ᠬᠥᠯᠥᠰᠥ | ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠶ ᠡᠷᠡᠭᠦᠤ ᠶᠢᠨ ᠬᠡᠷᠡᠭ ᠢ ᠴᠠᠭ ᠲᠤᠬᠠᠶ ᠳᠤᠨᠢ ᠭᠥᠯᠢᠶᠡᠨ ᠠᠪᠴᠤ | ᠰᠢᠢᠳᠪᠦᠷᠢᠯᠡᠬᠦ ᠪᠠ ᠳᠡᠩᠨᠡᠨ ᠰᠢᠢᠳᠪᠦᠷᠢᠯᠡᠵᠦ ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠤᠳᠠᠭᠠᠰᠢᠷᠠᠭᠤᠯᠤᠨ ᠥᠷᠢᠲᠦᠭᠰᠡᠨ ᠠᠴᠠ ᠪᠣᠯᠤᠭᠰᠠᠨ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠬᠠᠤᠯᠢ ᠶᠣᠰᠣᠭᠠᠷ | ᠰᠢᠢᠳᠪᠦᠷᠢᠯᠡᠬᠦ ᠬᠡᠷᠡᠭᠲᠡᠶ︔ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠠᠷᠠᠳ ᠤᠨ ᠪᠠᠩᠬᠢ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ | ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠶᠠᠷ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠲᠦᠷᠢᠮ ᠤᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠪᠠ | ︵ᠭᠤᠷᠪᠠ︶ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠲᠦᠷᠢᠮ ᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠭᠦᠭᠰᠡᠨ ᠦᠭᠡᠶ ᠠᠴᠠ ᠪᠣᠯᠵᠤ ᠴᠠᠯᠢᠩ ᠥᠷᠢᠲᠦᠬᠦ | ᠠᠰᠠᠭᠤᠳᠠᠯ ᠳᠤ ᠴᠢᠭᠯᠡᠭᠦᠯᠦᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ | ᠣᠷᠣᠭᠤᠯᠤᠯᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠥᠬᠦᠢ ᠰᠠᠯᠠᠭ᠎ᠠ | ᠮᠥᠴᠢᠷ ᠤᠳ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠵᠦ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ | ᠬᠡᠷᠡᠭᠲᠡᠶ᠂ ᠪᠠᠷᠢᠯᠭ᠎ᠠ ᠪᠠᠷᠢᠬᠤ ᠨᠢᠭᠡᠴᠢ ᠠᠴᠠ ᠪᠡᠯᠡ ᠮᠥᠩᠭᠦ ᠶᠢ ᠣᠷᠣᠯᠠᠨ ᠪᠥᠳᠥᠭᠡᠨ ᠪᠠᠶᠢᠭᠤᠯᠵᠤ ᠪᠣᠯᠬᠤ ᠥᠭᠡᠢ᠂ | ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠨᠡᠮᠡᠭᠳᠡᠭᠦᠯᠵᠦ ᠪᠣᠯᠬᠤ ᠥᠭᠡᠢ᠂ ᠪᠡᠯᠡ ᠣᠷᠣᠭᠤᠯᠤᠯᠲᠠ ᠶᠢᠨ | ᠲᠦᠢᠮᠣ ᠲᠥᠰᠦᠪ ᠢᠶᠠᠨ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠥᠭᠡᠢ᠂ ᠲᠥᠷᠥᠯ ᠵᠦᠢᠯ ᠢ ᠬᠤᠭᠤᠴᠠᠭ᠎ᠠ | ᠶᠣᠰᠣᠭᠠᠷ ᠪᠥᠳᠥᠭᠡᠨ ᠪᠠᠶᠢᠭᠤᠯᠬᠤ᠂ ᠪᠡᠯᠡ ᠮᠥᠩᠭᠦ ᠶᠢ ᠴᠠᠭ ᠬᠤᠭᠤᠴᠠᠭ᠎ᠠ ᠶᠣᠰᠣᠭᠠᠷ ᠰᠢᠯᠵᠢᠭᠦᠯᠦᠨ ᠥᠭᠬᠦ ᠶᠢ | ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠪᠥᠲᠥᠭᠡᠨ ᠪᠠᠶᠢᠭᠤᠯᠤᠯᠲᠠ ᠶᠢᠨ ᠨᠢᠭᠡᠴᠢ ᠨᠦᠭᠦᠳ | ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠪᠠᠨ ᠴᠢᠩᠭᠠᠳᠬᠠᠵᠤ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠤᠳᠠᠭᠠᠰᠢᠷᠠᠭᠤᠯᠵᠤ ᠪᠣᠯᠬᠤ ᠥᠬᠡᠶ᠃ | ︵ᠳᠥᠷᠪᠡ︶ ᠪᠠᠷᠢᠯᠭ᠎ᠠ ᠶᠢᠨ ᠵᠣᠭᠤᠰ ᠢ ᠥᠭᠬᠦ ᠳᠤ ᠳᠠᠭᠠᠭᠠᠯᠲᠠ ᠬᠢᠬᠦ᠂ ᠪᠠᠷᠢᠯᠭ᠎ᠠ ᠪᠠᠷᠢᠬᠤ ᠶᠠᠪᠤᠴᠠ ᠶᠢ | ᠳ᠋ᠦᠩᠨᠡᠨ ᠪᠤᠳᠤᠬᠤ ᠪᠠ ᠲᠠᠩᠰᠠ ᠬᠤᠪᠢᠶᠠᠨ ᠬᠠᠮᠢᠶᠠᠷᠬᠤ ᠵᠡᠷᠭᠡ ᠲᠦᠷᠢᠮ ᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ | ᠲᠥᠷᠥᠯ ᠵᠦᠢᠯ ᠤᠨ ᠢᠨᠵᠧᠨᠧᠷᠢᠩ ᠤᠨ ᠵᠣᠭᠤᠰ ᠢ ᠴᠠᠭ ᠲᠤᠬᠠᠶ ᠳᠤᠨᠢ ᠥᠭᠭᠦᠭᠰᠡᠨ ᠦᠭᠡᠶ ᠵᠢᠴᠢ ᠢᠨᠵᠧᠨᠧᠷᠢᠩ ᠤᠨ | ᠵᠣᠭᠤᠰ ᠢ ᠥᠷᠢᠲᠦᠭᠰᠡᠨ ᠠᠴᠠ ᠪᠣᠯᠵᠤ ᠴᠠᠯᠢᠩ ᠥᠷᠢᠲᠦᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ | ᠪᠠᠷᠢᠭᠤᠯᠬᠤ ᠨᠢᠭᠡᠴᠢ ᠨᠢ ᠪᠠᠷᠢᠯᠭ᠎ᠠ ᠪᠠᠷᠢᠬᠤ ᠨᠢᠭᠡᠴᠢ ᠳᠤ ᠪᠠᠷᠢᠯᠭ᠎ᠠ ᠶᠢᠨ ᠵᠣᠭᠤᠰ ᠥᠭᠬᠦ ᠳᠠᠭᠠᠭᠠᠯᠲᠠ ᠬᠠᠩᠭᠠᠵᠤ᠂ | ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠪᠠᠷᠢᠯᠭ᠎ᠠ ᠪᠠᠷᠢᠬᠤ ᠶᠢ | ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠯᠦᠭᠡ ᠪᠠᠷᠢᠯᠭ᠎ᠠ ᠶᠢᠨ ᠵᠣᠭᠤᠰ ᠪᠣᠯᠤᠨ ᠬᠥᠮᠦᠨ ᠤ ᠬᠦᠴᠦᠨ ᠤ | ᠵᠠᠷᠤᠳᠠᠯ ᠳᠤ ᠲᠠᠩᠰᠠ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠪᠠᠷᠢᠯᠭ᠎ᠠ ᠪᠠᠷᠢᠬᠤ ᠭᠡᠷ᠎ᠡ ᠶᠢᠨ ᠪᠣᠯᠵᠣᠯ | ᠶᠣᠰᠣᠭᠠᠷ ᠪᠠᠷᠢᠯᠭ᠎ᠠ ᠶᠢᠨ ᠵᠣᠭᠤᠰ ᠪᠣᠯᠤᠨ ᠬᠥᠮᠦᠨ ᠤ ᠬᠦᠴᠦᠨ ᠤ ᠵᠠᠷᠤᠳᠠᠯ ᠢ ᠴᠠᠭ ᠲᠤᠬᠠᠶ ᠳᠤᠨᠢ ᠭᠦᠢᠴᠡᠳ | ᠲᠤᠭ᠎ᠠ ᠪᠠᠷ ᠰᠠᠯᠭᠠᠨ ᠥᠭᠬᠦ ᠶᠢ ᠰᠢᠮᠳᠠᠭᠤᠯᠬᠤ ᠬᠡᠷᠡᠭᠲᠡᠶ᠃ | ︵ᠲᠠᠪᠤ︶ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠦᠨᠡᠨ | ᠨᠡᠷ᠎ᠡ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠣᠨᠣᠴᠠᠲᠠᠶ ᠨᠠᠶᠢᠳᠠᠪᠤᠷᠢᠵᠢᠭᠤᠯᠤᠭᠰᠠᠨ ᠥᠬᠡᠶ | ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠪᠤᠶᠤ | ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠡᠯᠰᠡᠨ ᠬᠡᠷᠡᠭᠯᠡᠭᠰᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠯᠤᠭ᠎ᠠ | ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠵᠤ᠂ ᠠᠵᠢᠯᠴᠢᠨ ᠬᠡᠷᠡᠭᠯᠡᠬᠦ ᠳᠤ ᠦᠨᠡᠨ ᠨᠡᠷ᠎ᠡ ᠪᠠᠷ ᠢᠶᠠᠨ | ᠳᠡᠩᠰᠡᠯᠡᠵᠦ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠬᠤ ᠬᠡᠷᠡᠭᠲᠡᠶ᠃ ᠪᠠᠷᠢᠯᠭ᠎ᠠ ᠶᠢᠨ | ᠲᠥᠷᠥᠯ ᠵᠦᠶ᠋ᠯ ᠤᠨ ᠬᠥᠳᠡᠯᠮᠦᠷᠢ ᠴᠠᠯᠢᠩ ᠤᠨ ᠲᠤᠰᠬᠠᠶ ᠬᠠᠮᠢᠶᠠᠷᠤᠭᠴᠢ ᠨᠢ ᠬᠥᠳᠡᠯᠮᠦᠷᠢ ᠶᠢᠨ ᠭᠡᠷ᠎ᠡ᠂ ᠦᠨᠡᠨ | ᠨᠡᠷ᠎ᠡ ᠶᠢᠨ ᠲᠦᠷᠢᠮ ᠢᠶᠠᠷ ᠠᠵᠢᠯ ᠳᠤ ᠭᠠᠷᠬᠤ ᠶᠢ ᠰᠢᠯᠭᠠᠬᠤ ᠵᠡᠷᠭᠡ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠦᠨᠡᠨ | ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠲᠠᠪᠴᠠᠩ ᠳᠤ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ | ᠪᠦᠲᠦᠨ ᠢᠶᠠᠷ ᠳᠠᠮᠵᠢᠭᠤᠯᠵᠤ᠂ ᠴᠠᠯᠢᠩ ᠣᠯᠭᠤᠬᠤ ᠶᠢᠨ ᠪᠦᠲᠦᠮᠵᠢᠲᠡᠶ ᠦᠨᠳᠦᠰᠦᠯᠡᠯ ᠪᠣᠯᠭᠠᠬᠤ ᠬᠡᠷᠡᠭᠲᠡᠶ᠃ ᠦᠨᠡᠨ | ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠲᠣᠭᠲᠠᠭᠠᠯ ᠶᠣᠰᠣᠭᠠᠷ ᠶᠠᠪᠤᠭᠤᠯᠤᠭᠰᠠᠨ ᠥᠬᠡᠶ ᠪᠠᠶᠢᠪᠠᠯ᠂ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ | ︵ᠵᠢᠷᠭᠤᠭ᠎ᠠ︶ ᠴᠠᠯᠢᠩ ᠤᠨ ᠲᠤᠰᠬᠠᠶ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠤᠨ᠎ᠠ᠃ ᠴᠠᠯᠢᠩ ᠤᠨ ᠲᠤᠰᠬᠠᠶ ᠳᠠᠩᠰᠠᠨ ᠡᠷᠦᠬᠡ ᠶᠢᠨ ᠳᠦᠷᠢᠮ ᠢ ᠪᠣᠳᠠᠲᠠᠶ | ᠨᠠᠶᠢᠳᠠᠪᠤᠷᠢᠵᠢᠭᠤᠯᠤᠭᠰᠠᠨ ᠦᠭᠡᠶ ᠠᠴᠠ ᠪᠣᠯᠵᠤ ᠴᠠᠯᠢᠩ ᠥᠷᠢᠲᠦᠬᠦ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ | ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ ᠶᠢᠨ ᠠᠵᠢᠯ ᠤᠨ ᠭᠡᠷ᠎ᠡ ᠲᠣᠭᠲᠠᠭᠰᠠᠨ ᠡᠳᠦᠷ ᠠᠴᠠ | ᠡᠬᠢᠯᠡᠨ 30 ᠡᠳᠦᠷ ᠤᠨ ᠳᠣᠲᠣᠷ᠎ᠠ᠂ ᠲᠥᠷᠥᠯ ᠵᠦᠶ᠋ᠯ ᠤᠨ ᠶᠣᠰᠣᠭᠠᠷ ᠪᠠᠷᠢᠯᠭ᠎ᠠ ᠶᠢᠨ ᠪᠠᠶᠢᠭ᠎ᠠ ᠭᠠᠵᠠᠷ ᠤᠨ | ᠪᠠᠩᠬᠢ ᠳᠤ ᠴᠠᠯᠢᠩ ᠤᠨ ᠲᠤᠰᠬᠠᠶ ᠲᠠᠩᠰᠠᠨ ᠡᠷᠦᠬᠡ ᠪᠠᠶᠢᠭᠤᠯᠬᠤ ᠶᠢᠨ ᠬᠠᠮᠲᠤ ᠪᠥᠲᠥᠭᠡᠨ ᠪᠠᠶᠢᠭᠤᠯᠬᠤ ᠨᠢᠭᠡᠴᠢ ᠂ | ᠲᠠᠩᠰᠠ ᠪᠠᠶᠢᠭᠤᠯᠤᠭᠰᠠᠨ ᠪᠠᠩᠬᠢ ᠯᠤᠭ᠎ᠠ ᠪᠠᠯᠠ ᠮᠥᠩᠭᠦ ᠶᠢᠨ ᠬᠠᠮᠢᠶᠠᠷᠤᠯᠲᠠ ᠶᠢᠨ ᠭᠤᠷᠪᠠᠨ ᠲᠠᠯ᠎ᠠ ᠶᠢᠨ ᠵᠥᠪᠯᠡᠯᠴᠡᠭᠡᠷ | ᠲᠣᠭᠲᠠᠵᠤ᠂ ᠪᠥᠲᠥᠭᠡᠨ ᠪᠠᠶᠢᠭᠤᠯᠬᠤ ᠨᠢᠭᠡᠴᠢ ᠨᠢ ᠬᠡᠯᠡᠯᠴᠡᠭᠡᠷ ᠤᠨ ᠶᠣᠰᠣᠭᠠᠷ ᠬᠥᠮᠦᠨ ᠤ ᠬᠦᠴᠦᠨ ᠤ ᠵᠠᠷᠤᠳᠠᠯ ᠢ | ᠰᠠᠯᠭᠠᠨ ᠥᠭᠴᠦ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ ᠶᠢᠨ | ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ | ᠲᠤᠬᠠᠶ ᠳᠤᠨᠢ ᠭᠦᠶ᠋ᠴᠡᠳ ᠲᠤᠭ᠎ᠠ ᠪᠠᠷ ᠰᠠᠯᠭᠠᠨ ᠥᠭᠬᠦ ᠬᠡᠷᠡᠭᠲᠡᠶ᠃ | ︵ᠲᠤᠯᠤᠭ᠎ᠠ︶ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠷᠢᠮ ᠢ | ᠨᠠᠶᠢᠳᠠᠪᠤᠷᠢᠵᠢᠭᠤᠯᠤᠨ᠎ᠠ᠃ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠨᠢ | ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠪᠠᠷᠢᠬᠤ ᠶᠢ ᠶᠡᠷᠦᠩᠬᠡᠶᠢᠯᠡᠨ | ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ ᠪᠠᠷᠢᠬᠤ ᠭᠡᠷ᠎ᠡ ᠲᠣᠭᠲᠠᠭᠰᠠᠨ ᠡᠳᠦᠷ ᠠᠴᠠ ᠡᠬᠢᠯᠡᠨ 20 ᠡᠳᠦᠷ ᠤᠨ | ᠳᠣᠲᠣᠷ᠎ᠠ᠂ ᠲᠥᠷᠥᠯ ᠵᠦᠢᠯ ᠤᠨ ᠶᠣᠰᠣᠭᠠᠷ ᠪᠠᠷᠢᠯᠭ᠎ᠠ ᠶᠢᠨ ᠪᠠᠶᠢᠭ᠎ᠠ ᠭᠠᠵᠠᠷ ᠲᠤ ᠪᠡᠯᠡᠨ ᠵᠣᠭᠤᠰ᠂ ᠪᠠᠩᠬᠢ ᠶᠢᠨ | ᠪᠠᠲᠤᠯᠠᠭ᠎ᠠ ᠶᠢᠨ ᠵᠠᠬᠢᠳᠠᠯ᠂ ᠳᠠᠭᠠᠳᠬᠠᠯ ᠤᠨ ᠺᠣᠮᠫᠠᠨᠢ ᠶᠢᠨ ᠪᠠᠲᠤᠯᠠᠭ᠎ᠠ ᠶᠢᠨ ᠬᠠᠭᠤᠳᠠᠰᠤ᠂ ᠪᠠᠷᠢᠯᠭ᠎ᠠ ᠶᠢᠨ | ᠳᠠᠭᠠᠭᠠᠯᠲᠠ ᠶᠢᠨ ᠺᠣᠮᠫᠠᠨᠢ ᠶᠢᠨ ᠪᠠᠲᠤᠯᠠᠭ᠎ᠠ ᠶᠢᠨ ᠵᠠᠬᠢᠳᠠᠯ ᠵᠡᠷᠭᠡ ᠬᠡᠯᠪᠡᠷᠢ ᠪᠠᠷ ᠴᠠᠯᠢᠩ ᠤᠨ ᠪᠠᠲᠤᠯᠠᠭ᠎ᠠ ᠶᠢᠨ | ᠮᠥᠩᠭᠦ ᠪᠠᠨ ᠲᠤᠰᠢᠶᠠᠨ ᠬᠠᠳᠠᠭᠠᠯᠠᠭᠤᠯᠵᠤ᠂ ᠪᠠᠲᠤᠯᠠᠭ᠎ᠠ ᠶᠢᠨ ᠵᠠᠬᠢᠳᠠᠯ ᠤᠨ ᠪᠠᠲᠤᠯᠠᠭ᠎ᠠ ᠶᠢᠨ ᠬᠠᠭᠤᠳᠠᠰᠤ ᠶᠢᠨ | ᠰᠢᠨᠵᠢ ᠴᠢᠨᠠᠷ ᠨᠢ ᠬᠦᠴᠦᠨ ᠥᠬᠡᠶ ᠪᠣᠯᠭᠠᠵᠤ ᠪᠣᠯᠬᠤ ᠥᠬᠡᠶ ᠪᠠᠷ ᠪᠠᠷᠢᠨ ᠥᠭᠬᠦ ᠬᠡᠷᠡᠭᠲᠡᠶ᠃ | ᠭᠤᠷᠪᠠ᠂ ᠬᠢᠨᠠᠨ ᠬᠠᠮᠢᠶᠠᠷᠬᠤ ᠵᠠᠭᠪᠤᠷ ᠤᠨ ᠰᠢᠨ᠎ᠡ ᠶᠢ ᠡᠭᠦᠳᠴᠦ᠂ ᠡᠳᠦᠷ ᠲᠤᠳᠤᠮ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ︵ ᠨᠠᠢᠮᠠ ︶ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ | ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠬᠢᠨᠠᠨ ᠡᠵᠡᠮᠳᠡᠵᠦ | ᠰᠡᠷᠡᠮᠵᠢᠯᠡᠭᠦᠯᠬᠦ ᠲᠠᠪᠴᠠᠩ ︵ᠳᠣᠷᠣᠭᠰᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠭᠡᠵᠦ ᠲᠣᠪᠴᠢᠯᠠᠨ᠎ᠠ︶ ᠤᠨ | ᠬᠢᠨᠠᠯᠲᠠ ᠬᠠᠮᠢᠶᠠᠷᠤᠯᠲᠠ ᠳᠤ ᠪᠥᠬᠦ ᠰᠢᠰᠲ᠋ᠧᠮ ᠢᠶᠠᠷ ᠨᠢ ᠣᠷᠣᠭᠤᠯᠤᠭᠰᠠᠨ ᠥᠬᠡᠶ ᠠᠰᠠᠭᠤᠳᠠᠯ ᠳᠤ ᠴᠢᠭᠯᠡᠭᠦᠯᠦᠨ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠢᠭᠡᠨᠲᠡ ᠠᠵᠢᠯ ᠡᠬᠢᠯᠡᠭᠦᠯᠬᠦ ᠶᠢ ᠬᠢᠨᠠᠨ | ᠵᠥᠪᠰᠢᠶᠡᠷᠡᠭᠦᠯᠬᠦ ᠭᠠᠷᠳᠠᠮ ᠢ ᠭᠦᠶ᠋ᠴᠡᠳᠬᠡᠭᠰᠡᠨ ᠮᠥᠷᠲᠡᠭᠡᠨ ᠠᠵᠢᠯ ᠳᠠᠭᠤᠰᠬᠠᠭᠠᠳᠤᠶ ᠲᠥᠷᠥᠯ ᠵᠦᠢᠯ ᠢ ᠪᠦᠬᠦᠨ ᠢ | ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠳᠤ ᠣᠷᠣᠭᠤᠯᠤᠭᠰᠠᠨ ᠥᠬᠡᠶ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ | ᠣᠷᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨ ᠤ ᠰᠢᠯᠭᠠᠨ | ᠬᠢᠨᠠᠬᠤ ᠳᠤ ᠬᠤᠪᠢ ᠣᠯᠭᠤᠬᠤ ᠦᠨᠳᠦᠰᠦᠯᠡᠯ ᠪᠣᠯᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠪᠠᠨ ᠦᠨᠳᠦᠰᠦᠯᠡᠨ ᠠᠵᠢᠯ ᠡᠬᠢᠯᠡᠭᠦᠯᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠨᠢᠭᠡᠨᠲᠡ | ᠭᠦᠶ᠋ᠴᠡᠳᠬᠡᠭᠰᠡᠨ ᠪᠥᠭᠡᠳ ᠠᠵᠢᠯ ᠳᠠᠭᠤᠰᠬᠠᠭᠠᠳᠤᠶ ᠲᠥᠷᠥᠯ ᠵᠦᠶ᠋ᠯ ᠳᠤ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ | ᠲᠤᠬᠠᠶ ᠳᠤᠨᠢ ᠬᠢᠨᠠᠨ ᠬᠠᠮᠢᠶᠠᠷᠬᠤ ᠶᠢᠨ ᠬᠠᠮᠲᠤ᠂ ᠠᠵᠢᠯᠴᠢᠨ ᠬᠡᠷᠡᠭᠯᠡᠬᠦ ᠲᠤᠭ᠎ᠠ ᠪᠠᠷᠢᠮᠲᠠ ᠬᠢᠭᠡᠳ ᠴᠠᠯᠢᠩ ᠣᠯᠭᠤᠬᠤ | ᠮᠡᠳᠡᠭᠡ ᠵᠠᠩᠭᠢ ᠶᠢᠨ ᠬᠠᠷᠢᠴᠠᠯ ᠢᠶᠠᠷ ᠳᠠᠮᠵᠢᠭᠤᠯᠤᠨ ᠴᠠᠯᠢᠩ ᠣᠯᠭᠤᠬᠤ ᠶᠢ ᠴᠠᠭ ᠲᠤᠬᠠᠶ ᠳᠤᠨᠢ ᠬᠢᠨᠠᠨ ᠡᠵᠡᠮᠳᠡᠵᠦ | ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠎ᠡ᠃ | ︵ᠶᠢᠰᠦ︶ ︽ᠬᠤᠶᠠᠷ ᠲᠤ ᠰᠠᠭᠤᠵᠤ ᠬᠤᠶᠠᠷ ᠢ ᠪᠠᠶᠢᠴᠠᠭᠠᠬᠤ︾ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ︽ᠪᠠᠶᠢᠴᠠᠭᠠᠬᠤ ᠳᠤ ᠰᠠᠭᠤᠭ᠎ᠠ︾ ᠶᠢᠨ ᠴᠢᠩᠭ᠎ᠠ ᠪᠤᠰᠤ ᠪᠣᠳᠠᠲᠠᠶ ᠪᠤᠰᠤ ᠠᠰᠠᠭᠤᠳᠠᠯ ᠳᠤ | ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠥᠷᠥᠯ ᠲᠥᠷᠥᠯ ᠵᠦᠶ᠋ᠯ ᠤᠨ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠬᠤ ᠠᠴᠠ ᠠᠵᠢᠯ ᠳᠠᠭᠤᠰᠲᠠᠯ᠎ᠠ᠂ ᠲᠥᠷᠥᠯ ᠵᠦᠶ᠋ᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠣᠯᠭᠤᠬᠤ ᠶᠢ ᠪᠠᠲᠤᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠷ᠎ᠠ ᠪᠦᠷᠢ ᠲᠤᠬᠠᠶ ᠶᠢᠨ | ᠭᠠᠵᠠᠷ ᠲᠤᠨᠢ ᠪᠠᠶᠢᠴᠠᠭᠠᠯᠲᠠ ᠬᠢᠵᠦ᠂ ᠴᠠᠯᠢᠩ ᠥᠷᠢᠲᠦᠬᠦ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ | ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠬᠦ ᠶᠢᠨ ᠬᠠᠮᠲᠤ᠂ | ᠪᠠᠶᠢᠴᠠᠭᠠᠯᠲᠠ ᠳᠤ ᠰᠠᠭᠤᠭ᠎ᠠ ᠡᠳᠦᠷ ᠤᠨ ᠲᠡᠮᠳᠡᠭᠯᠡᠯ ᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠳᠤ ᠬᠦᠷᠭᠡᠬᠦ | ᠬᠡᠷᠡᠭᠲᠡᠶ᠃ | ︵ᠠᠷᠪᠠ︶ ᠬᠥᠳᠡᠯᠮᠦᠷᠢ ᠴᠠᠯᠢᠩ ᠤᠨ ᠲᠤᠰᠬᠠᠶ ᠬᠠᠮᠢᠶᠠᠷᠤᠭᠴᠢ ᠳᠤ ᠬᠢᠨᠠᠯᠲᠠ ᠲᠠᠯᠪᠢᠵᠤ ᠪᠠᠷᠢᠯᠭ᠎ᠠ ᠶᠢᠨ | ᠲᠤᠬᠠᠶ ᠶᠢᠨ ᠭᠠᠵᠠᠷ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠬᠡᠰᠡᠭ ᠬᠥᠳᠡᠯᠮᠦᠷᠢ ᠴᠠᠯᠢᠩ ᠤᠨ ᠲᠤᠰᠬᠠᠶ | ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠳᠠᠭᠠᠨ ᠪᠣᠯᠪᠠᠰᠤᠷᠠᠩᠭᠤᠶ ᠪᠤᠰᠤ᠂ ᠪᠠᠲᠤᠯᠠᠭ᠎ᠠ ᠶᠢᠨ | ᠴᠠᠯᠢᠩ ᠥᠭᠬᠦ ᠳᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠶ ᠪᠠᠶᠢᠬᠤ ᠠᠰᠠᠭᠤᠳᠠᠯ ᠳᠤ | ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠠᠵᠢᠯ ᠲᠥᠷᠥᠯ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠳ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠢ ᠶᠢᠨ ᠬᠥᠳᠡᠯᠮᠦᠷᠢ | ᠴᠠᠯᠢᠩ ᠤᠨ ᠲᠤᠰᠬᠠᠶ ᠬᠠᠮᠢᠶᠠᠷᠤᠭᠴᠢ ᠶᠢ ᠰᠢᠮᠳᠠᠭᠤᠯᠵᠤ ᠪᠠᠶᠢᠭᠠᠳ ᠬᠤᠪᠢᠶᠠᠨ ᠳᠠᠭᠠᠭᠠᠴᠢᠯᠠᠭᠰᠠᠨ ᠨᠢᠭᠡᠴᠢ ᠶᠢᠨ | ᠬᠥᠳᠡᠯᠮᠦᠷᠢ ᠬᠦᠴᠦᠨ ᠢ ᠬᠡᠷᠡᠭᠯᠡᠬᠦ ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠨᠡᠨ ᠨᠡᠷ᠎ᠡ ᠶᠢᠨ ᠳᠦᠷᠢᠮᠲᠦ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠵᠦ᠂ ᠪᠠᠷᠢᠯᠭ᠎ᠠ ᠶᠢᠨ | ᠠᠵᠢᠯ ᠤᠨ ᠲᠤᠬᠠᠶ ᠶᠢᠨ ᠲᠠᠯᠠᠪᠠᠶ ᠶᠢᠨ ᠠᠵᠢᠯᠴᠢᠨ ᠬᠡᠷᠡᠭᠯᠡᠬᠦ᠂ ᠠᠵᠢᠯ ᠳᠤ ᠭᠠᠷᠬᠤ ᠶᠢ ᠰᠢᠯᠭᠠᠬᠤ᠂ ᠴᠠᠯᠢᠩ | ᠣᠯᠭᠤᠬᠤ ᠵᠡᠷᠭᠡ ᠪᠠᠶᠢᠳᠠᠯ ᠢ ᠡᠵᠡᠮᠰᠢᠨ᠂ ᠬᠤᠪᠢᠶᠠᠨ ᠳᠠᠭᠠᠭᠠᠴᠢᠯᠠᠭᠰᠠᠨ ᠨᠢᠭᠡᠴᠢ ᠶᠢᠨ ᠨᠠᠶᠢᠷᠠᠭᠤᠯᠤᠨ ᠵᠣᠬᠢᠶᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠬᠦᠰᠦᠨᠦᠭᠲᠦ ᠶᠢ ᠬᠢᠨᠠᠨ ᠬᠠᠷᠭᠤᠭᠤᠯᠬᠤ ᠶᠢᠨ | ᠬᠠᠮᠲᠤ᠂ ᠬᠠᠮᠢᠶ᠎ᠠ ᠪᠥᠬᠦᠶ ᠠᠵᠢᠯ ᠤᠨ ᠲᠥᠷᠥᠯ ᠵᠦᠶ᠋ᠯ ᠤᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ | ᠱᠠᠭᠠᠷᠳᠠᠯᠭ᠎ᠠ ᠶᠣᠰᠣᠭᠠᠷ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠵᠢᠴᠢ ᠴᠠᠯᠢᠩ ᠣᠯᠭᠤᠬᠤ ᠬᠠᠮᠢᠶ᠎ᠠ ᠪᠥᠬᠦᠶ ᠮᠡᠳᠡᠭᠡ | ᠵᠠᠩᠭᠢ ᠶᠢ ᠴᠠᠭ ᠲᠤᠬᠠᠶ ᠳᠤᠨᠢ ᠬᠢᠨᠠᠨ ᠡᠵᠡᠮᠳᠡᠵᠦ ᠰᠡᠷᠡᠮᠵᠢᠯᠡᠭᠦᠯᠬᠦ ᠲᠠᠪᠴᠠᠩ ᠳᠤ ᠳᠠᠮᠵᠢᠭᠤᠯᠬᠤ ᠬᠡᠷᠡᠭᠲᠡᠶ᠃ | ︵ᠠᠷᠪᠠᠨ ᠨᠢᠭᠡ︶ ᠪᠥᠬᠦ ᠬᠦᠷᠢᠶᠡᠨ ᠳᠠᠬᠢ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠪᠠᠶᠢᠴᠠᠭᠠᠬᠤ | ᠡᠷᠴᠢᠮ ᠢ ᠴᠢᠩᠭᠠᠷᠠᠭᠤᠯᠤᠨ᠎ᠠ᠃ ᠪᠠᠷᠢᠯᠭ᠎ᠠ ᠶᠢᠨ ᠪᠤᠰᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠬᠠᠮᠢᠶ᠎ᠠ ᠪᠥᠬᠦᠶ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠬᠤᠶᠠᠷ ᠢ ᠲᠠᠰᠢᠷᠠᠮ ᠳᠠᠭᠠᠤ ᠬᠢᠬᠦ᠂ | ᠨᠢᠭᠡ ᠶᠢ ᠢᠯᠡ ᠪᠣᠯᠭᠠᠬᠤ︾ ᠵᠡᠷᠭᠡ ᠵᠠᠭᠪᠤᠷ ᠢ ᠠᠪᠴᠤ᠂ ᠬᠤᠨᠤᠭ ᠬᠤᠭᠤᠯᠠ ᠤᠮᠳᠠ᠂ ᠡᠳ᠋ᠰᠢᠭᠦᠯᠦᠨ ᠦᠶ᠋ᠯᠡᠳᠬᠦ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠰᠠᠭᠤᠭᠠᠯᠢ ᠠᠷᠠᠳ ᠤᠨ ᠦᠶ᠋ᠯᠡᠴᠢᠯᠡᠭᠡ ᠵᠡᠷᠭᠡ ᠡᠯᠰᠡᠨ | ᠬᠡᠷᠡᠭᠯᠡᠭᠰᠡᠨ ᠮᠠᠯᠴᠢᠨ ᠲᠠᠷᠢᠶᠠᠴᠢᠨ ᠠᠵᠢᠯᠴᠢᠨ ᠤ ᠲᠤᠭ᠎ᠠ ᠪᠠᠷ ᠨᠡᠯᠢᠶᠡᠳ ᠣᠯᠠᠨ ᠠᠵᠢᠯ ᠲᠥᠷᠥᠯ ᠤᠨ ᠬᠦᠷᠢᠶ᠎ᠡ | ᠴᠠᠷᠠᠭ᠎ᠠ ᠳᠠᠬᠢ ᠲᠣᠭᠤᠷᠢᠨ ᠪᠠᠶᠢᠴᠠᠭᠠᠵᠤ ᠪᠠᠶᠢᠴᠠᠭᠠᠬᠤ ᠪᠠᠨ ᠴᠢᠩᠭᠠᠳᠬᠠᠵᠤ᠂ ᠬᠥᠮᠦᠨ ᠬᠡᠷᠡᠭᠯᠡᠬᠦ ᠨᠢᠭᠡᠴᠢ ᠶᠢ | ᠰᠢᠮᠳᠠᠭᠤᠯᠵᠤ ᠪᠠᠶᠢᠭᠠᠳ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ | ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ | ᠳᠥᠷᠪᠡ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠂ ᠬᠡᠷᠡᠭ | ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ | ︵ᠠᠷᠪᠠᠨ ᠬᠤᠶᠠᠷ︶ ᠴᠠᠯᠢᠩ ᠥᠷᠢᠲᠦᠭᠰᠡᠨ ᠬᠡᠷᠡᠭ ᠢ ᠬᠠᠷᠭᠤᠭᠤᠯᠤᠨ ᠰᠢᠢᠳᠪᠦᠷᠢᠯᠡᠬᠦ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠴᠠᠯᠢᠩ ᠥᠷᠢᠲᠦᠬᠦ ᠬᠡᠷᠡᠭ ᠢ ᠰᠢᠢᠳᠪᠦᠷᠢᠯᠡᠭᠰᠡᠨ ᠶᠠᠰᠤ ᠴᠢᠨᠠᠷ ᠦᠷ᠎ᠡ | ᠪᠦᠲᠦᠮᠵᠢ ᠥᠨᠳᠥᠷ ᠪᠢᠰᠢ ᠠᠰᠠᠭᠤᠳᠠᠯ ᠳᠤ ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽1 ᠠᠵᠢᠯ ᠤᠨ ᠡᠳᠦᠷ ᠲᠤ ᠰᠦᠪᠡᠭᠴᠢ ᠭᠥᠯᠢᠶᠡᠨ | ᠠᠪᠴᠤ᠂ 5 ᠠᠵᠢᠯ ᠤᠨ ᠡᠳᠦᠷ ᠲᠤ ᠭᠥᠯᠢᠶᠡᠨ ᠠᠪᠴᠤ ᠰᠢᠶ᠋ᠳᠪᠦᠷᠢᠯᠡᠬᠦ ᠰᠠᠨᠠᠯ ᠭᠠᠷᠭᠠᠵᠤ᠂ 15 ᠠᠵᠢᠯ ᠤᠨ | ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠨ᠂ ᠣᠨᠴᠣᠭᠤᠶ ᠪᠠᠶᠢᠳᠠᠯ ᠳᠤ 15 ᠠᠵᠢᠯ ᠤᠨ ᠡᠳᠦᠷ | ᠤᠷᠲᠤᠳᠬᠠᠨ ᠰᠢᠢᠳᠪᠦᠷᠢᠯᠡᠵᠦ ᠳᠠᠭᠤᠰᠬᠠᠬᠤ︾ ᠪᠠ ︽ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠭᠰᠡᠨ | ᠰᠦᠪᠡᠭᠴᠢ ᠶᠢ ᠲᠤᠰᠬᠠᠬᠤ ᠲᠠᠪᠴᠠᠩ ᠳᠤ ᠲᠤᠰᠬᠠᠭᠰᠠᠨ ᠤ ᠳᠠᠷᠠᠭ᠎ᠠ᠂ ᠣᠬᠤᠷ ᠮᠡᠳᠡᠭᠡ ᠶᠢᠨ ᠬᠡᠯᠪᠡᠷᠢ ᠪᠠᠷ | ᠳᠠᠮᠵᠢᠭᠤᠯᠤᠨ ᠬᠡᠷᠡᠭ ᠢ ᠭᠥᠯᠢᠶᠡᠨ ᠠᠪᠬᠤ᠂ ᠭᠥᠯᠢᠶᠡᠨ ᠠᠪᠴᠤ ᠰᠢᠢᠳᠪᠦᠷᠢᠯᠡᠬᠦ ᠂ ᠦᠷ᠎ᠡ ᠳ᠋ᠦᠩ ᠢ ᠮᠡᠳᠡᠭᠳᠡᠬᠦ︾ | ᠬᠡᠷᠡᠭ ᠰᠢᠢᠳᠪᠦᠷᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠡᠭ ᠢ ᠰᠢᠢᠳᠪᠦᠷᠢᠯᠡᠵᠦ | ᠳᠠᠭᠤᠰᠬᠠᠬᠤ ᠳᠤ ᠬᠡᠷᠡᠭ ᠳᠠᠷᠠᠭᠠᠯᠠᠨ ᠬᠠᠷᠢᠭᠤ ᠰᠤᠷᠪᠤᠯᠵᠢᠯᠠᠵᠤ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ | ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠳᠠᠯ ᠬᠠᠭᠤᠷᠮᠠᠭ ᠢᠶᠠᠷ ᠬᠡᠷᠡᠭ ᠢ ᠳᠠᠭᠤᠰᠬᠠᠭᠰᠠᠨ ᠵᠡᠷᠭᠡ | ᠪᠠᠶᠢᠳᠠᠯ ᠣᠷᠣᠰᠢᠵᠤ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠣᠨ ᠤ ᠰᠢᠯᠭᠠᠨ ᠬᠢᠨᠠᠬᠤ ᠳᠤ ᠬᠤᠪᠢ ᠬᠠᠰᠤᠬᠤ ᠵᠦᠶ᠋ᠯ ᠳᠤ ᠵᠢᠭᠰᠠᠭᠠᠨ | ᠣᠷᠣᠭᠤᠯᠤᠨ᠎ᠠ᠃ | ︵ᠠᠷᠪᠠᠨ ᠭᠤᠷᠪᠠ︶ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠪᠠ ᠨᠡᠶᠢᠭᠡᠮ | ᠨᠡᠶᠢᠲᠡ ᠪᠠᠷ ᠢᠶᠠᠨ ᠨᠡᠶᠢᠲᠡᠯᠡᠬᠦ ᠶᠢ ᠰᠠᠶᠢᠲᠤᠷ ᠬᠢᠨ᠎ᠠ᠃ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠰᠤᠯᠠ ᠪᠠᠶᠢᠭ᠎ᠠ ᠠᠰᠠᠭᠤᠳᠠᠯ ᠳᠤ | ᠴᠢᠭᠯᠡᠭᠦᠯᠦᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠬᠡᠷᠡᠭ ᠪᠣᠯᠭᠠᠨ | ᠳᠠᠩᠰᠠᠯᠠᠬᠤ ᠶᠣᠰᠣᠲᠠᠶ ᠪᠠᠶᠢᠪᠠᠯ ᠵᠠᠪᠠᠯ ᠬᠡᠷᠡᠭ ᠪᠣᠯᠭᠠᠨ ᠳᠡᠩᠰᠡᠯᠡᠵᠦ︾᠂ ᠬᠠᠤᠯᠢ ᠶᠣᠰᠣᠭᠠᠷ ᠵᠠᠰᠠᠭ ᠵᠠᠬᠢᠷᠭᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ︽ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠡᠲᠡᠭᠡᠳ ᠤᠨ ᠨᠡᠷᠡᠰ︾ ᠲᠤ ᠵᠢᠭᠰᠠᠭᠠᠨ ᠣᠷᠣᠭᠤᠯᠤᠭᠰᠠᠨ ᠪᠠᠶᠢᠳᠠᠯ ᠳᠤ ᠨᠡᠶᠢᠴᠡᠭᠰᠡᠨ ᠪᠠᠶᠢᠪᠠᠯ᠂ | ᠪᠦᠬᠦᠨ ᠢ ᠵᠢᠭᠰᠠᠭᠠᠨ ᠵᠢᠭᠰᠠᠭᠠᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠳ ᠪᠠᠷᠢᠯᠭ᠎ᠠ ᠶᠢᠨ ᠦᠢᠯᠡᠰ ᠤᠨ ᠪᠠᠷᠢᠯᠭ᠎ᠠ ᠶᠢᠨ | ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠢᠲᠡᠭᠡᠯ ᠠᠯᠳᠠᠭᠰᠠᠳ ᠢ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ︾ ᠲᠤ ᠵᠢᠭᠰᠠᠭᠠᠭᠳᠠᠭᠰᠠᠨ ᠠᠵᠤ ᠠᠬᠤᠶᠢᠯᠠᠯ ᠳᠤ | ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠡᠭᠦᠨ ᠳᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠵᠦᠢᠯᠡᠰ ᠤᠨ ᠳᠠᠭᠠᠭᠠᠴᠢᠯᠠᠯᠲᠠ ᠳᠤ ᠣᠷᠣᠯᠴᠠᠬᠤ ᠬᠢᠷᠢ ᠬᠡᠮ ᠢ ᠬᠦᠴᠦᠨ ᠦᠭᠡᠶ ᠪᠣᠯᠭᠠᠬᠤ᠂ | ᠰᠢᠨ᠎ᠡ ᠪᠠᠷ ᠨᠡᠮᠡᠭᠳᠡᠬᠦ ᠵᠦᠢᠯᠡᠰ ᠤᠨ ᠵᠥᠪᠰᠢᠶᠡᠷᠡᠯ ᠢ ᠬᠢᠵᠠᠭᠠᠷᠯᠠᠬᠤ᠂ ᠡᠳ᠋ ᠤᠨ ᠵᠠᠰᠠᠭ ᠤᠨ ᠴᠢᠨᠠᠷᠲᠠᠶ ᠪᠡᠯᠡ | ᠮᠥᠩᠭᠦ ᠶᠢᠨ ᠵᠦᠢᠯᠡᠰ ᠢ ᠭᠤᠶᠤᠴᠢᠯᠠᠬᠤ ᠶᠢ ᠬᠢᠵᠠᠭᠠᠷᠯᠠᠬᠤ ᠵᠡᠷᠭᠡ ᠪᠠᠭᠲᠠᠨ᠎ᠠ᠂ 1 ᠵᠢᠯ ᠤᠨ ᠳᠣᠲᠣᠷ᠎ᠠ 3 | ᠤᠳᠠᠭ᠎ᠠ ᠠᠴᠠ ᠳᠡᠭᠡᠭᠰᠢ ᠪᠤᠶᠤ 3 ᠵᠢᠯ ᠳᠠᠷᠠᠭᠠᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠵᠦ ᠤᠳᠠᠭᠠᠰᠢᠷᠠᠭᠤᠯᠤᠭᠰᠠᠨ ᠬᠡᠷᠡᠭ ᠭᠠᠷᠤᠭᠰᠠᠨ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠵᠡᠷᠭᠡ ᠲᠠᠯ᠎ᠠ ᠪᠠᠷ ᠬᠢᠵᠠᠭᠠᠷᠯᠠᠬᠤ ᠶᠢᠨ ᠬᠠᠮᠲᠤ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠤᠯᠠᠷᠢᠯ | ᠪᠦᠷᠢ ᠨᠡᠶᠢᠭᠡᠮ ᠨᠡᠶᠢᠲᠡ ᠳᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠬᠦᠨᠳᠦ ᠨᠣᠴᠢᠲᠠᠶ | ᠥᠷᠢᠲᠦᠵᠦ ᠤᠳᠠᠭᠠᠰᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠨᠡᠶᠢᠲᠡᠯᠡᠨ᠎ᠡ᠃ | ︵ᠠᠷᠪᠠᠨ ᠳᠥᠷᠪᠡ︶ ᠬᠠᠤᠯᠢ ᠪᠤᠰᠤ ᠪᠠᠷ ᠴᠠᠯᠢᠩ ᠨᠡᠬᠡᠬᠦ ᠦᠢᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠎ᠡ ᠃ | ᠬᠥᠳᠡᠯᠮᠦᠷᠢ ᠦᠢᠯᠡᠴᠢᠯᠡᠭᠡᠨ ᠤ ᠵᠢᠭᠤᠷᠠᠯᠳᠤᠭᠠᠨ ᠢᠶᠠᠷ ᠰᠢᠯᠲᠠᠭ ᠪᠣᠯᠭᠠᠵᠤ ᠬᠠᠤᠯᠢ ᠪᠤᠰᠤ ᠪᠠᠷ ᠴᠠᠯᠢᠩ ᠨᠡᠬᠡᠵᠦ | ᠠᠵᠢᠯᠴᠢᠨ ᠬᠡᠷᠡᠭᠯᠡᠬᠦ ᠵᠠᠬ᠎ᠠ ᠳᠡᠯᠭᠡᠭᠦᠷ ᠢ ᠰᠠᠮᠠᠭᠤᠷᠠᠭᠤᠯᠤᠭᠰᠠᠨ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠴᠠᠯᠢᠩ ᠨᠡᠬᠡᠬᠦ ᠶᠠᠪᠤᠴᠠ ᠳᠠᠬᠢ ᠠᠯᠪᠠᠨ ᠠᠵᠢᠯ ᠤᠨ ᠡᠮᠬᠢ ᠵᠢᠷᠤᠮ ᠢ ᠬᠠᠷᠰᠢᠯᠠᠬᠤ | ᠪᠤᠶᠤ ᠰᠠᠮᠠᠭᠤᠷᠠᠭᠤᠯᠬᠤ᠂ ᠤᠯᠠᠨ ᠢ ᠴᠤᠭᠯᠠᠭᠤᠯᠤᠨ ᠬᠡᠷᠡᠭ ᠥᠳᠥᠭᠡᠵᠦ ᠤᠯᠠᠨ ᠨᠡᠶᠢᠲᠡ ᠶᠢᠨ ᠡᠮᠬᠢ ᠵᠢᠷᠤᠮ ᠢ | ᠰᠠᠮᠠᠭᠤᠷᠠᠭᠤᠯᠬᠤ᠂ ᠦᠨᠡᠨ ᠪᠣᠳᠠᠲᠠᠶ ᠪᠤᠰᠤ ᠦᠭᠡ ᠶᠠᠷᠢᠶ᠎ᠠ ᠲᠠᠷᠬᠠᠭᠠᠬᠤ ᠵᠡᠷᠭᠡ ᠦᠢᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ | ︵ᠠᠷᠪᠠᠨ ᠲᠠᠪᠤ︶ ᠴᠠᠯᠢᠩ ᠥᠷᠢᠲᠦᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠶ ᠶᠠᠯᠠᠲᠤ ᠠᠵᠢᠯᠯᠠᠭ᠎ᠠ ᠳᠤ ᠴᠣᠬᠢᠯᠲᠠ | ᠥᠭᠬᠦ ᠡᠷᠴᠢᠮ ᠨᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠤᠭᠤᠳ ᠴᠠᠯᠢᠩ ᠥᠷᠢᠲᠦᠬᠦ ᠠᠰᠠᠭᠤᠳᠠᠯ ᠢ ᠰᠢᠶ᠋ᠳᠪᠦᠷᠢᠯᠡᠬᠦ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠵᠤ᠂ ᠴᠠᠯᠢᠩ ᠥᠷᠢᠲᠦᠬᠦ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠴᠠᠯᠢᠩ ᠥᠷᠢᠲᠦᠬᠦ | ᠬᠠᠷᠢᠭᠤᠴᠠᠯᠭ᠎ᠠ ᠶᠢᠨ ᠪᠡᠶᠡᠴᠢ ᠴᠣᠭᠴᠠ ᠳᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠬᠡᠷᠡᠭᠲᠡᠶ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠡᠳ᠋ ᠬᠥᠷᠥᠩᠭᠡ ᠶᠢ ᠰᠢᠯᠵᠢᠭᠦᠯᠬᠦ᠂ ᠣᠷᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠬᠥᠳᠡᠯᠮᠦᠷᠢᠴᠢᠨ ᠤ | ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠠᠴᠠ ᠵᠠᠶᠢᠯᠠᠭᠰᠠᠨ ᠪᠤᠶᠤ ᠥᠭᠬᠦ ᠴᠢᠳᠠᠪᠤᠷᠢ ᠲᠠᠢ ᠪᠠᠶᠢᠭᠠᠳ | ᠬᠥᠳᠡᠯᠮᠦᠷᠢᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠥᠬᠡᠶ ᠪᠠᠶᠢᠵᠤ᠂ ᠲᠤᠭ᠎ᠠ ᠬᠡᠮᠵᠢᠶ᠎ᠡ ᠨᠢ | ᠨᠡᠯᠢᠶᠡᠳ ᠶᠡᠭᠡ ᠪᠠᠶᠢᠪᠠᠯ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠥᠭᠭᠦᠭᠦᠯᠬᠦ ᠪᠠᠷ | ᠵᠠᠷᠯᠢᠭᠳᠠᠭᠰᠠᠨ ᠪᠣᠯᠪᠠᠴᠤ ᠮᠥᠨ ᠥᠭᠬᠦ ᠥᠬᠡᠶ ᠪᠠᠶᠢᠬᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠥᠭᠬᠦ ᠶᠢ | ᠲᠡᠪᠴᠢᠭᠰᠡᠨ ᠰᠡᠵᠢᠭᠯᠡᠯᠲᠡᠶ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠬᠥᠳᠡᠯᠮᠦᠷᠢ ᠶᠢᠨ ᠬᠥᠯᠥᠰᠥ ᠣᠯᠭᠤᠮᠵᠢ ᠥᠭᠬᠦ ᠶᠢ ᠲᠡᠪᠴᠢᠭᠰᠡᠨ ᠰᠡᠵᠢᠭᠯᠡᠯᠲᠡᠶ ᠦᠢᠯᠡ ᠠᠵᠢᠯᠯᠠᠭ᠎ᠠ ᠶᠢ ᠲᠦᠷᠭᠡᠨ | ᠲᠤᠷᠰᠢᠨ ᠪᠠᠶᠢᠴᠠᠭᠠᠵᠤ᠂ ᠲᠦᠷᠭᠡᠨ ᠪᠠᠶᠢᠴᠠᠭᠠᠵᠤ᠂ ᠲᠦᠷᠭᠡᠨ ᠰᠢᠶ᠋ᠳᠪᠦᠷᠢᠯᠡᠵᠦ᠂ ᠨᠢᠭᠡ ᠶᠢ ᠣᠯᠵᠤ ᠮᠡᠳᠡᠪᠡᠯ | ᠨᠢᠭᠡ ᠶᠢ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ | ︵ᠠᠷᠪᠠᠨ ᠵᠢᠷᠭᠤᠭ᠎ᠠ︶ ᠬᠠᠭᠤᠴᠢᠨ ᠥᠷᠢ ᠰᠢᠷᠢ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠬᠡᠰᠡᠭ ᠬᠠᠭᠤᠴᠢᠨ ᠥᠷᠢ ᠰᠢᠷᠢ ᠶᠢᠨ ᠳᠠᠷᠤᠭᠳᠠᠭᠰᠠᠨ ᠬᠡᠷᠡᠭ ᠢ | ᠰᠢᠢᠳᠪᠦᠷᠢᠯᠡᠬᠦ ᠥᠬᠡᠶ ᠤᠳᠠᠭᠠᠰᠢᠷᠠᠭᠤᠯᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠵᠦ ᠪᠠᠶᠢᠭᠠᠳ ᠬᠠᠭᠤᠴᠢᠨ | ᠥᠷᠢ ᠰᠢᠷᠢ ᠶᠢᠨ ᠬᠡᠷᠡᠭ ᠢ ᠵᠣᠬᠢᠴᠠᠭᠤᠯᠤᠨ ᠰᠢᠶ᠋ᠳᠪᠦᠷᠢᠯᠡᠵᠦ᠂ ᠪᠠᠯᠠ ᠮᠥᠩᠭᠦ ᠶᠢᠨ ᠬᠡᠯᠬᠢᠶ᠎ᠡ ᠲᠠᠰᠤᠷᠠᠭᠰᠠᠨ᠂ | ᠡᠪᠳᠡᠷᠡᠵᠦ ᠴᠤᠴᠠᠷᠠᠭᠰᠠᠨ ᠪᠠᠷᠢᠯᠭ᠎ᠠ᠂ ᠣᠯᠠᠨ ᠵᠢᠯ ᠤᠨ ᠲᠤᠷᠰᠢ ᠳᠡᠭᠡᠭᠰᠢ ᠰᠤᠷᠪᠤᠯᠵᠢᠯᠠᠭᠰᠠᠨ ᠢᠶᠠᠷ ᠥᠷᠢᠲᠦᠭᠰᠡᠨ | ᠵᠣᠭᠤᠰ ᠢ ᠲᠤᠰᠬᠠᠭᠰᠠᠨ ᠵᠡᠷᠭᠡ ᠠᠰᠠᠭᠤᠳᠠᠯ ᠪᠤᠶᠤ ᠪᠠᠷᠢᠯᠭ᠎ᠠ ᠶᠢᠨ ᠶᠠᠰᠤ ᠴᠢᠨᠠᠷ᠂ ᠬᠥᠳᠡᠯᠮᠦᠷᠢ ᠦᠶ᠋ᠯᠡᠴᠢᠯᠡᠭᠡ ᠶᠢᠨ | ᠵᠢᠭᠤᠷᠠᠯᠳᠤᠭᠠᠨ ᠵᠡᠷᠭᠡ ᠪᠠᠶᠢᠳᠠᠯ ᠣᠷᠣᠰᠢᠵᠤ ᠪᠠᠶᠢᠪᠠᠯ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ | ᠰᠢᠶ᠋ᠳᠪᠦᠷᠢᠯᠡᠬᠦ ᠲᠣᠭᠲᠠᠴᠠ ᠪᠠᠷ ᠳᠠᠮᠵᠢᠭᠤᠯᠤᠨ ᠰᠢᠢᠳᠪᠦᠷᠢᠯᠡᠬᠦ ᠶᠢ ᠬᠥᠲᠥᠯᠦᠨ ᠵᠢᠯᠣᠭᠤᠳᠬᠤ ᠬᠡᠷᠡᠭᠲᠡᠶ᠃ ᠡᠯ᠎ᠡ | ᠱᠠᠲᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ ᠠᠵᠢᠯ ᠤᠨ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠡᠯ᠎ᠡ ᠪᠦᠷᠢᠯᠳᠦᠬᠦᠨ ᠨᠢᠭᠡᠴᠢ ᠨᠦᠭᠦᠳ ᠨᠢᠭᠲᠠ ᠬᠠᠮᠵᠢᠯᠴᠠᠵᠤ᠂ | ᠠᠷᠠᠳ ᠤᠨ ᠡᠶᠡᠳᠡᠭᠦᠯᠬᠦ ᠡᠷᠴᠢᠮ ᠢ ᠴᠢᠩᠭᠠᠷᠠᠭᠤᠯᠬᠤ᠂ ᠬᠠᠤᠯᠢ ᠴᠠᠭᠠᠵᠠ ᠶᠢᠨ ᠨᠤᠲᠠᠯᠠᠯᠲᠠ ᠶᠢ ᠴᠠᠭ ᠲᠤᠬᠠᠶ ᠳᠤᠨᠢ | ᠵᠣᠬᠢᠶᠠᠨ ᠪᠠᠶᠢᠭᠤᠯᠬᠤ᠂ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠶᠢ ᠴᠠᠭ ᠲᠤᠬᠠᠶ ᠳᠤᠨᠢ | ᠶᠠᠪᠤᠭᠳᠠᠭᠤᠯᠬᠤ᠂ ᠵᠠᠷᠭᠤ ᠶᠢᠨ ᠦᠶ᠋ᠯᠡᠴᠢᠯᠡᠭᠡᠨ ᠤ ᠪᠣᠬᠢᠷᠲᠤᠯ ᠥᠬᠡᠶ ᠠᠷᠭ᠎ᠠ ᠵᠠᠮ ᠢ ᠨᠡᠭᠡᠭᠡᠬᠦ᠂ ᠵᠠᠷᠭᠤ ᠶᠢᠨ | ᠰᠦᠶ᠋ᠳᠬᠡᠯ ᠢ ᠬᠤᠶᠢᠰᠢᠯᠠᠭᠤᠯᠤᠨ ᠲᠤᠰᠢᠶᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠳᠠᠷᠤᠭᠳᠠᠭᠰᠠᠨ ᠬᠠᠭᠤᠴᠢᠨ | ᠬᠡᠷᠡᠭ ᠢ ᠪᠦᠲᠦᠮᠵᠢᠲᠡᠶ ᠰᠢᠶ᠋ᠳᠪᠦᠷᠢᠯᠡᠬᠦ ᠶᠢ ᠠᠬᠢᠭᠤᠯᠬᠤ ᠬᠡᠷᠡᠭᠲᠡᠶ᠃ | ᠲᠠᠪᠤ᠂ ᠠᠵᠢᠯ ᠤᠨ ᠲᠣᠭᠲᠠᠴᠠ ᠶᠢ ᠪᠥᠷᠢᠨᠰᠢᠬᠦᠯᠥᠨ᠂ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ | ᠬᠡᠷᠡᠭᠲᠡᠶ | ︵ᠠᠷᠪᠠᠨ ᠳᠣᠯᠤᠭ᠎ᠠ︶ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠰᠢᠯᠭᠠᠨ ᠬᠢᠨᠠᠬᠤ ᠶᠢᠨ | ︽ᠳᠣᠬᠢᠭᠤᠷ︾ ᠤᠨ ᠦᠢᠯᠡᠳᠦᠯ ᠢ ᠪᠠᠳᠠᠷᠠᠭᠤᠯᠤᠭᠰᠠᠨ ᠢᠶᠠᠷ ᠬᠦᠷᠦᠯᠴᠡᠬᠦ ᠥᠬᠡᠶ᠂ ᠡᠳᠦᠷ ᠲᠤᠲᠤᠮ ᠤᠨ ᠬᠢᠨᠠᠯᠲᠠ | ᠲᠠᠯᠪᠢᠬᠤ ᠡᠷᠴᠢᠮ ᠢᠶᠠᠷ ᠬᠦᠷᠦᠯᠴᠡᠬᠦ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠣᠨ ᠢᠶᠠᠷ ᠲᠣᠰ ᠱᠠᠲᠤᠨ ᠤ ᠬᠤᠯᠪᠣᠭᠳᠠᠯ ᠪᠥᠬᠦᠶ | ᠰᠠᠯᠠᠭ᠎ᠠ ᠮᠥᠴᠢᠷ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠣᠯᠭᠤᠬᠤ ᠶᠢ ᠪᠠᠲᠤᠯᠠᠬᠤ ᠠᠵᠢᠯ ᠢ ᠰᠢᠯᠭᠠᠨ ᠬᠢᠨᠠᠵᠤ᠂ ᠰᠢᠯᠭᠠᠨ ᠬᠢᠨᠠᠭᠰᠠᠨ ᠦᠷ᠎ᠡ | ᠳ᠋ᠦᠩ ᠨᠢ ᠰᠢᠯᠢᠳᠡᠭ ᠪᠠᠶᠢᠬᠤ ᠶᠢ ᠨᠢ ᠨᠡᠪᠲᠡᠷᠡᠭᠦᠯᠦᠨ ᠰᠠᠶᠢᠰᠢᠶᠠᠬᠤ ᠬᠡᠷᠡᠭᠲᠡᠶ︔ ᠰᠢᠯᠭᠠᠨ ᠬᠢᠨᠠᠭᠰᠠᠨ ᠦᠷ᠎ᠡ | ᠳ᠋ᠦᠩ ᠨᠢ ᠬᠢᠷᠢ ᠲᠡᠩᠴᠡᠭᠰᠡᠨ ᠥᠬᠡᠶ᠂ ᠴᠠᠯᠢᠩ ᠥᠷᠢᠲᠦᠬᠦ ᠠᠰᠠᠭᠤᠳᠠᠯ ᠣᠯᠠᠨ ᠭᠠᠷᠤᠭᠰᠠᠨ ᠭᠠᠵᠠᠷ ᠣᠷᠣᠨ᠂ | ᠡᠰᠡᠬᠦᠯ᠎ᠡ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠨᠢ ᠪᠣᠳᠠᠲᠠᠶᠢᠵᠢᠭᠰᠠᠨ ᠥᠬᠡᠶ ᠰᠠᠯᠠᠭ᠎ᠠ ᠮᠥᠴᠢᠷ ᠲᠤ | ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠶ᠃ | ︵ᠠᠷᠪᠠᠨ ᠨᠠᠢᠮᠠ ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠠᠰᠠᠭᠤᠳᠠᠯ ᠳᠤ ᠴᠢᠭᠯᠡᠭᠦᠯᠦᠨ᠂ ᠡᠯ᠎ᠡ | ᠱᠠᠲᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠤᠨ ᠬᠡᠷᠡᠭ | ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠯᠦᠭᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠷ᠎ᠠ | ᠰᠠᠷ᠎ᠠ ᠪᠠᠷ ᠠᠵᠢᠯ ᠢᠶᠠᠨ ᠳᠣᠭᠢᠷᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠢᠶᠠᠨ ᠠᠳᠠᠯᠢ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠵᠦ᠂ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠭᠰᠡᠨ ᠥᠬᠡᠶ ᠵᠡᠷᠭᠡ ᠪᠠᠶᠢᠳᠠᠯ ᠢ ᠴᠠᠭ ᠲᠤᠬᠠᠶ ᠳᠤᠨᠢ ᠰᠢᠮᠳᠠᠭᠤᠯᠤᠨ | ᠰᠢᠢᠳᠪᠦᠷᠢᠯᠡᠬᠦᠯᠵᠦ ᠰᠠᠨᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠥᠭᠬᠦ ᠶᠢ ᠪᠠᠲᠤᠯᠠᠬᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ | ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ | ᠥᠭᠬᠦ ᠶᠢ ᠪᠠᠲᠤᠯᠠᠬᠤ ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭ ᠶᠠᠪᠤᠳᠠᠯ ᠳᠤ ᠬᠤᠯᠪᠣᠭᠳᠠᠭᠰᠠᠨ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠥᠬᠦᠶ | ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠬᠥᠮᠦᠰ ᠲᠠᠢ ᠪᠣᠯᠵᠣᠨ ᠶᠠᠷᠢᠯᠴᠠᠵᠤ᠂ ᠬᠠᠷᠢᠯᠴᠠᠨ ᠲᠦᠯᠬᠢᠯᠴᠡᠬᠦ᠂ ᠠᠯᠪᠠ | ᠬᠠᠰᠢᠵᠤ ᠠᠮᠠ ᠪᠥᠭᠯᠡᠬᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠠᠴᠠ ᠪᠣᠯᠵᠣ ᠬᠦᠨᠳᠦ ᠨᠣᠴᠢᠲᠠᠶ | ᠦᠷ᠎ᠡ ᠳ᠋ᠦᠩ ᠭᠠᠷᠭᠠᠭᠰᠠᠨ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ | ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠨ᠎ᠡ᠃ | ︵ᠠᠷᠪᠠ ᠶᠢᠰᠦ︶ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ | ᠡᠩᠨᠡᠭᠡ ᠶᠢᠨ ᠬᠦᠴᠦᠨ ᠪᠠᠭᠤᠷᠠᠶ ᠵᠠᠷᠤᠳᠠᠯ ᠤᠨ ᠪᠠᠲᠤᠯᠠᠭ᠎ᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠳᠤ | ᠴᠢᠭᠯᠡᠭᠦᠯᠦᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠭᠤᠤᠯ | ᠴᠣᠭᠴᠠ ᠪᠠ ᠲᠠᠰ ᠳᠠᠪᠬᠤᠷᠭ᠎ᠠ ᠶᠢ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠬᠦᠴᠦᠨ ᠢ ᠲᠡᠭᠦᠯᠳᠡᠷᠵᠢᠭᠦᠯᠦᠨ᠂ | ᠠᠵᠢᠯᠲᠠᠨ ᠤ ᠲᠣᠬᠢᠷᠠᠭᠤᠯᠤᠯᠲᠠ ᠶᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠣᠯᠭᠤᠬᠤ ᠶᠢ | ᠪᠠᠲᠤᠯᠠᠬᠤ ᠠᠵᠢᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠱᠠᠭᠠᠷᠳᠠᠯᠭ᠎ᠠ ᠳᠤ ᠨᠠᠩ ᠢᠯᠡᠭᠦᠤ | ᠨᠡᠶᠢᠴᠡᠭᠦᠯᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ | ︵ᠬᠤᠷᠢ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ ᠡᠩᠨᠡᠭᠡ ᠶᠢᠨ | ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠᠲᠠᠶ ᠠᠰᠠᠭᠤᠳᠠᠯ ᠳᠤ ᠴᠢᠭᠯᠡᠭᠦᠯᠦᠨ᠂ ᠡᠯ᠎ᠡ ᠱᠠᠲᠤᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠴᠢᠩᠭ᠎ᠠ᠂ | ᠵᠢᠷᠤᠮᠵᠢᠯ ᠲᠠᠢ᠂ ᠲᠥᠪ ᠭᠤᠤᠯᠴᠢ᠂ ᠪᠣᠯᠪᠠᠰᠤᠨ ᠢᠶᠠᠷ︾ ᠬᠠᠤᠯᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ | ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠪᠠ ᠬᠠᠤᠯᠢ ᠬᠡᠷᠡᠭᠵᠢᠭᠦᠯᠬᠦ | ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠣᠯᠭᠤᠬᠤ ᠶᠢ ᠪᠠᠲᠤᠯᠠᠬᠤ ᠵᠡᠷᠭᠡ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠡᠶ᠃ ᠡᠯ᠎ᠡ | ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠲᠥᠷᠥᠯ ᠵᠦᠶ᠋ᠯ ᠤᠨ ᠳᠠᠭᠠᠭᠠᠮᠠᠯ᠂ ᠬᠥᠳᠡᠯᠮᠦᠷᠢ ᠴᠠᠯᠢᠩ ᠤᠨ ᠲᠤᠰᠬᠠᠶ ᠬᠠᠮᠢᠶᠠᠷᠤᠭᠴᠢ ᠵᠡᠷᠭᠡ | ᠬᠠᠮᠢᠶ᠎ᠠ ᠪᠥᠬᠦᠶ ᠠᠵᠢᠯᠲᠠᠨ ᠤ ᠪᠣᠯᠪᠠᠰᠤᠷᠠᠭᠤᠯᠤᠯ ᠢ ᠰᠠᠶᠢᠲᠤᠷ ᠬᠢᠵᠦ᠂ ᠡᠯ᠎ᠡ ᠲᠥᠷᠥᠯ ᠤᠨ ᠬᠥᠮᠦᠨ ᠬᠡᠷᠡᠭᠯᠡᠬᠦ | ᠨᠢᠭᠡᠴᠢ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠶᠢ ᠠᠬᠢᠭᠤᠯᠬᠤ ᠬᠡᠷᠡᠭᠲᠡᠶ᠃ | | |