| | | ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠵᠢᠴᠢ ᠦᠨᠳᠦᠰᠦᠯᠡᠯ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ | ︽ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ | ᠲᠠᠷᠬᠠᠭᠠᠭᠰᠠᠨ ︹ 2018 ︺ 17 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ | 2023 ᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠬᠦ | ᠦᠷ᠎ᠡ ᠪᠦᠲᠦᠭᠡᠯ ᠢ ᠬᠥᠳᠡᠯᠦᠩᠭᠦᠶ ᠪᠠᠷ ᠰᠢᠨᠡᠳᠬᠡᠬᠦ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ᠥᠪᠥᠷ | ᠣᠷᠴᠢᠨ ᠲᠣᠭᠤᠷᠢᠨ ᠤ ᠠᠯᠪᠠᠨ ︹ 2023 ︺ 89 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠬᠢᠩᠭᠠᠨ ᠠᠶᠢᠮᠠᠭ ᠤᠨ ᠵᠠᠬᠢᠷᠭ᠎ᠠ ᠠᠴᠠ ︽︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠬᠦ ᠬᠡᠷᠡᠭᠵᠢᠭᠦᠯᠬᠦ ᠰᠠᠨᠠᠯ ᠳᠤ ᠵᠠᠰᠠᠪᠤᠷᠢ | ᠣᠷᠣᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ᠢ ᠵᠣᠬᠢᠶᠠᠨ ᠪᠠᠶᠢᠭᠤᠯᠵᠤ ᠵᠠᠰᠠᠪᠤᠷᠢ | ᠣᠷᠣᠭᠤᠯᠤᠭᠰᠠᠨ ᠪᠥᠭᠡᠳ ᠨᠡᠶᠢᠲᠡᠯᠡᠪᠡ᠃ | ᠵᠠᠰᠠᠪᠤᠷᠢ ᠣᠷᠣᠭᠤᠯᠬᠤ ᠬᠠᠷᠠᠯᠲᠠ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠤᠰᠤᠨ ᠤ ᠡᠬᠢ ᠰᠤᠷᠪᠤᠯᠵᠢ ᠶᠢᠨ ᠭᠠᠵᠠᠷ᠂ | ᠲᠥᠯᠥᠪᠵᠢᠭᠦᠯᠭᠡ ᠶᠢᠨ ᠠᠭᠤᠷᠬᠠᠢ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠲᠠ | ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠲᠤᠭ᠎ᠠ ᠪᠠᠷᠢᠮᠲᠠ ᠶᠢ ᠵᠣᠯᠭᠠᠭᠤᠯᠤᠭᠰᠠᠨ | 2021 ᠣᠨ ᠠᠴᠠ ᠨᠠᠰᠢᠬᠢ ᠬᠤᠪᠢᠷᠠᠯᠲᠠ ᠶᠢᠨ ᠪᠠᠶᠢᠳᠠᠯ ᠳᠤ ︽ᠭᠤᠷᠪᠠᠨ ᠱᠤᠭᠤᠮ ᠨᠢᠭᠡ ᠲᠠᠩᠰᠠ︾ ᠶᠢᠨ ᠠᠮᠢ | ᠠᠬᠤᠢ ᠶᠢᠨ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠢ | ᠰᠢᠨᠡᠳᠬᠡᠪᠡ᠃ | ᠵᠠᠩᠭᠢᠯᠠᠭ᠎ᠠ ᠶᠢᠨ ᠦᠭᠡ ᠶᠢᠨ ᠰᠠᠨᠠᠭᠤᠯᠤᠮᠵᠢ | ︽ᠭᠤᠷᠪᠠᠨ ᠱᠤᠭᠤᠮ ᠨᠢᠭᠡ ᠬᠠᠭᠤᠳᠠᠰᠤ︾ ᠭᠡᠳᠡᠭ ᠨᠢ ᠪᠣᠳᠠᠲᠠᠶ ᠪᠠᠷ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ | ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ | ᠲᠣᠳᠣᠷᠬᠠᠶ ᠬᠠᠭᠤᠳᠠᠰᠤ ᠶᠢ ᠵᠢᠭᠠᠵᠤ ᠪᠣᠶ᠃ | ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ | ︵ᠨᠢᠭᠡ︶ ᠠᠮᠢ ᠠᠬᠤᠶ ᠶᠢᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠳᠤ ᠵᠠᠰᠠᠪᠤᠷᠢ | ᠣᠷᠣᠭᠤᠯᠤᠨ᠎ᠠ᠃ ᠪᠥᠬᠦ ᠠᠶᠢᠮᠠᠭ ᠤᠨ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠡ ᠶᠢ 82 | ᠪᠠᠶᠢᠭᠰᠠᠨ ᠠᠴᠠ ᠨᠢ 90 ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠪᠣᠯᠭᠠᠨ ᠰᠢᠯᠢᠳᠡᠭᠵᠢᠭᠦᠯᠦᠨ | ᠳᠣᠭᠢᠷᠠᠭᠤᠯᠪᠠ᠂ ᠡᠭᠦᠨ ᠳᠤ ᠡᠩ ᠲᠡᠷᠢᠭᠦᠨ ᠳᠤ ᠬᠠᠮᠠᠭᠠᠯᠠᠬᠤ ᠨᠢᠭᠡᠴᠡ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ | ᠨᠢᠭᠡᠴᠢ ᠂ ᠡᠩ ᠤᠨ ᠬᠠᠮᠢᠶᠠᠷᠤᠨ ᠡᠵᠡᠮᠳᠡᠬᠦ ᠨᠢᠭᠡᠴᠢ ᠵᠡᠷᠭᠡ ᠭᠤᠷᠪᠠᠨ ᠲᠥᠷᠥᠯ ᠪᠠᠭᠲᠠᠨ᠎ᠠ᠃ | ᠡᠭᠦᠨ ᠳᠤ᠄ ᠡᠩ ᠲᠡᠷᠢᠭᠦᠨ ᠳᠤ 56 ᠨᠢᠭᠡᠴᠢ ᠶᠢ ᠬᠠᠮᠠᠭᠠᠯᠠᠵᠤ᠂ ᠲᠠᠯᠠᠪᠠᠶ ᠶᠢᠨ ᠡᠵᠡᠯᠡᠬᠦ ᠬᠠᠷᠢᠴᠠᠯ ᠨᠢ 71. | 4% ᠪᠣᠯᠤᠨ᠎ᠠ᠃ ᠡᠭᠦᠨ ᠳᠤ ᠭᠤᠤᠯᠳᠠᠭᠤ ᠮᠠᠨ ᠤ ᠠᠶᠢᠮᠠᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ | ᠵᠡᠷᠭᠡ ᠬᠠᠤᠯᠢ ᠶᠣᠰᠣᠭᠠᠷ ᠬᠠᠮᠠᠭᠠᠯᠠᠬᠤ ᠴᠢᠬᠤᠯᠠᠲᠠᠶ ᠠᠮᠢ ᠠᠬᠤᠶ ᠶᠢᠨ ᠴᠢᠳᠠᠮᠵᠢ ᠶᠢᠨ ᠴᠢᠬᠤᠯᠠ ᠣᠷᠣᠨ ᠪᠠ ᠠᠮᠢ | ᠠᠬᠤᠶ ᠶᠢᠨ ᠣᠷᠴᠢᠨ ᠲᠣᠭᠤᠷᠢᠨ ᠤ ᠰᠡᠷᠭᠡᠭ ᠣᠷᠣᠨ ᠢ ᠪᠠᠭᠲᠠᠭᠠᠨ᠎ᠠ︔ 28 ᠭᠤᠣᠯᠳᠠᠯᠭ᠎ᠠ ᠲᠠᠢ ᠬᠠᠮᠢᠶᠠᠷᠤᠨ | ᠡᠵᠡᠮᠳᠡᠬᠦ ᠨᠢᠭᠡᠴᠢ ᠶᠢ ᠭᠤᠣᠯᠳᠠᠯᠭ᠎ᠠ ᠲᠠᠢ ᠡᠵᠡᠮᠳᠡᠵᠦ᠂ ᠲᠠᠯᠠᠪᠠᠢ ᠶᠢᠨ ᠡᠵᠡᠯᠡᠬᠦ ᠬᠠᠷᠢᠴᠠᠯ ᠨᠢ 178% ᠪᠣᠯᠤᠨ᠎ᠠ | ᠃ ᠡᠭᠦᠨ ᠳᠤ ᠭᠤᠤᠯᠳᠠᠭᠤ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠣᠷᠣᠨ᠂ ᠬᠤᠲᠠ | ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠨᠡᠭᠡᠭᠡᠨ ᠬᠥᠭᠵᠢᠭᠦᠯᠬᠦ ᠡᠷᠴᠢᠮ ᠢᠶᠠᠷ ᠴᠢᠩᠭ᠎ᠠ᠂ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠪᠠᠷ ᠶᠡᠭᠡ᠂ ᠣᠷᠴᠢᠨ ᠲᠣᠭᠤᠷᠢᠨ ᠤ ᠠᠰᠠᠭᠤᠳᠠᠯ ᠬᠠᠷᠢᠴᠠᠩᠭᠤᠶ ᠪᠠᠷ | ᠲᠥᠪᠯᠡᠷᠡᠭᠰᠡᠨ ᠣᠷᠣᠨ ᠪᠦᠰᠡ ᠪᠠᠭᠲᠠᠨ᠎ᠠ︔ ᠡᠩ ᠤᠨ ᠬᠠᠮᠢᠶᠠᠷᠤᠨ ᠡᠵᠡᠮᠳᠡᠬᠦ ᠨᠢᠭᠡᠴᠡ 6 ᠪᠠᠶᠢᠵᠤ᠂ ᠲᠠᠯᠠᠪᠠᠶ ᠶᠢᠨ | ᠡᠵᠡᠯᠡᠬᠦ ᠬᠠᠷᠢᠴᠠᠯ ᠨᠢ 10.8% ᠪᠣᠯᠤᠨ᠎ᠠ᠃ ᠡᠭᠦᠨ ᠳᠤ ᠨᠢᠭᠡᠴᠡ ᠶᠢ ᠤᠷᠢᠳᠠᠪᠠᠷ ᠬᠠᠮᠠᠭᠠᠯᠠᠵᠤ᠂ ᠨᠢᠭᠡᠴᠡ ᠠᠴᠠ | ᠭᠠᠳᠠᠨᠠᠬᠢ ᠪᠤᠰᠤᠳ ᠣᠷᠣᠨ ᠪᠦᠰᠡ ᠶᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠨ᠎ᠡ᠃ | ︵ᠬᠤᠶᠠᠷ︶ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠬᠠᠭᠤᠳᠠᠰᠤ ᠳᠤ ᠵᠠᠰᠠᠪᠤᠷᠢ | ᠪᠥᠬᠦ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠣᠷᠣᠬᠤ ᠵᠥᠪᠰᠢᠶᠡᠷᠡᠯ ᠤᠨ ᠨᠠᠷᠢᠨ ᠲᠠᠩᠰᠠ ᠶᠢᠨ | ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠮᠤᠭ ᠤᠨ ᠰᠢᠨ᠎ᠡ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ 17 | ᠵᠤᠷᠪᠤᠰ ᠲᠤ ᠵᠠᠰᠠᠪᠤᠷᠢ ᠣᠷᠣᠭᠤᠯᠪᠠ᠃ | | ᠵᠠᠰᠠᠪᠤᠷᠢ ᠣᠷᠣᠭᠤᠯᠤᠭᠰᠠᠨ ᠥᠬᠡᠶ ᠬᠡᠰᠡᠭ ᠢ ᠦᠷᠭᠦᠯᠵᠢᠯᠡᠨ ︽ᠬᠢᠩᠭᠠᠨ ᠠᠶᠢᠮᠠᠭ ᠤᠨ ᠲᠠᠭᠠᠷᠢᠯᠲᠠ ᠶᠢᠨ | ᠵᠠᠬᠢᠷᠭ᠎ᠠ ᠶᠢᠨ ︿ᠭᠤᠷᠪᠠᠨ ᠱᠤᠭᠤᠮ ᠨᠢᠭᠡ ᠬᠠᠭᠤᠳᠠᠰᠤ﹀ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠳᠠᠬᠢᠨ | ᠬᠤᠪᠢᠶᠠᠨ ᠬᠠᠮᠢᠶᠠᠷᠤᠨ ᠡᠵᠡᠮᠳᠡᠬᠦ ᠲᠤᠬᠠᠶ ᠬᠡᠷᠡᠭᠵᠢᠭᠦᠯᠬᠦ ᠰᠠᠨᠠᠯ︾ ︵ ᠬᠢᠩᠭᠠᠨ ᠵᠠᠬᠢᠷᠭ᠎ᠠ ᠲᠠᠷᠬᠠᠭᠠᠭᠰᠠᠨ ︹ | 2021 ︺ 77 ᠳ᠋ᠤᠭᠠᠷ ᠲᠣᠭᠠᠲᠤ︶ ᠤᠨ ᠶᠣᠰᠣᠭᠠᠷ ᠬᠡᠷᠡᠭᠵᠢᠭᠦᠯᠦᠨ᠎ᠡ᠃ | |