| | ᠨᠢᠭᠡ᠂ ︽ᠨᠠᠷᠢᠨ ᠳᠠᠩᠰᠠ︾ ᠶᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠤᠶ ︖ | ᠵᠠᠰᠠᠭ ᠵᠠᠬᠢᠷᠭᠠᠨ ᠤ ᠵᠥᠪᠰᠢᠶᠡᠷᠡᠯ ᠪᠣᠯ ᠵᠠᠰᠠᠭ ᠤᠨ ᠣᠷᠳᠣᠨ ᠠᠴᠠ ᠠᠵᠤ ᠠᠬᠤᠶ ᠨᠡᠶᠢᠭᠡᠮ ᠤᠨ ᠬᠡᠷᠡᠭ | ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠴᠢᠬᠤᠯᠠ ᠠᠷᠭ᠎ᠠ ᠪᠠᠷᠢᠯ ᠮᠥᠨ᠃ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠲᠣᠳᠣᠷᠬᠠᠶ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠳᠥᠯᠭᠢᠨ ᠠᠬᠢᠭᠤᠯᠬᠤ᠂ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠬᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠠᠵᠢᠯᠯᠠᠭᠠᠨ ᠢ ᠵᠢᠷᠤᠮᠵᠢᠭᠤᠯᠬᠤ ᠳᠤ ᠠᠰᠢᠭᠲᠠᠶ ᠪᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ | ᠭᠤᠤᠯᠴᠢ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠵᠠᠰᠠᠭ ᠤᠨ | ᠣᠷᠳᠣᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ | ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | 2022 ᠣᠨ ᠳᠤ᠂ ︽ᠪᠥᠬᠦ ᠣᠷᠣᠨ ᠤ ᠵᠠᠰᠠᠭ ᠵᠠᠬᠢᠷᠭᠠᠨ ᠤ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︿ᠪᠠᠭᠤᠯᠭᠠᠬᠤ ᠬᠠᠮᠢᠶᠠᠷᠬᠤ | ᠦᠶ᠋ᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠮᠡᠳᠡᠭᠳᠡᠯ︾ ︵ᠥᠪᠥᠷ ᠲᠤᠰᠢᠶᠠᠯ | ᠰᠢᠯᠵᠢᠭᠦᠯᠬᠦ ᠠᠯᠪᠠᠨ ᠲᠠᠷᠬᠠᠭᠠᠬᠤ ︹ 2022 ︺ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ | ᠲᠤᠭᠤᠰᠢᠯᠠᠭᠤᠤᠯᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ | ᠭᠤᠤᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ | ᠪᠣᠯᠭᠠᠵᠤ᠂ ᠬᠢᠩᠭᠠᠨ ᠠᠶᠢᠮᠠᠭ ᠤᠨ ᠵᠠᠬᠢᠷᠭ᠎ᠠ ᠨᠢ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠪᠠ᠃ | 2023 ᠣᠨ ᠤ 12 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠭᠤᠷᠪᠠᠨ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2023 ᠣᠨ ᠤ ᠬᠡᠪᠯᠡᠯ︶ ᠶᠢᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2023 ︺ 83 ᠳ᠋ᠤᠭᠠᠷ ᠲᠣᠭᠠᠲᠤ︶ ᠲᠠᠢ | ᠬᠠᠷᠢᠴᠠᠭᠤᠯᠤᠨ᠂ ᠮᠠᠨ ᠤ ᠠᠶᠢᠮᠠᠭ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠳᠤ ᠲᠣᠬᠢᠷᠠᠭᠤᠯᠤᠯᠲᠠ ᠬᠢᠭᠰᠡᠨ᠂ | ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠭᠰᠠᠨ ᠵᠡᠷᠭᠡ ᠪᠠᠶᠢᠳᠠᠯ ᠲᠠᠢ ᠤᠶᠠᠯᠳᠤᠭᠤᠯᠤᠨ ᠬᠤᠶᠠᠷ ᠱᠠᠲᠤᠨ ᠤ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ 2024 ᠣᠨ ᠤ 2 ᠳ᠋ᠤᠭᠠᠷ ᠰᠠᠷ᠎ᠠ ᠶᠢᠨ 28 ᠤ ᠡᠳᠦᠷ ︽ | ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵ | 2O24 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠨᠠᠷᠢᠨ ᠲᠠᠩᠰᠠ︾ ᠶᠢ ᠡᠮᠬᠢᠯᠡᠨ ᠳᠢᠭᠯᠡᠬᠦ ᠶᠠᠪᠤᠴᠠ ᠳᠤ ᠶᠠᠮᠠᠷ ᠶᠠᠮᠠᠷ ᠶᠠᠪᠤᠴᠠ ᠪᠠᠶᠢᠬᠤ ᠪᠣᠶ︖ | ︵1︶ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ︾ ᠶᠢᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ | ᠣᠷᠣᠨ ᠤ ᠱᠠᠲᠤᠨ ᠤ ᠬᠡᠷᠡᠭᠵᠢᠭᠦᠯᠬᠦ ᠵᠥᠪᠰᠢᠶᠡᠷᠡᠯ ᠤᠨ ᠵᠦᠢᠯᠡᠰ ᠢ ᠰᠠᠯᠭᠠᠵᠤ᠂ ᠠᠶᠢᠮᠠᠭ ᠤᠨ ᠲᠣᠰ ᠱᠠᠲᠤᠨ ᠤ | ᠬᠡᠷᠡᠭᠵᠢᠭᠦᠯᠬᠦ ᠵᠦᠢᠯᠡᠰ ᠢ ᠬᠡᠷᠡᠭᠵᠢᠭᠦᠯᠬᠦ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠬᠢᠩᠭᠠᠨ ᠠᠶᠢᠮᠠᠭ ᠤᠨ ᠬᠤᠶᠠᠷ | ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵ᠠᠩᠬᠠᠨ ᠤ ᠨᠣᠤᠷᠠᠭ︶ ᠶᠢ | ᠪᠣᠶ ᠪᠣᠯᠭᠠᠪᠠ᠃ | ︵2︶ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠠᠴᠠ ᠰᠠᠨᠠᠯ ᠬᠤᠷᠢᠶᠠᠵᠤ᠂ ᠡᠯ᠎ᠡ ᠰᠠᠯᠠᠭ᠎ᠠ | ᠮᠥᠴᠢᠷ ᠨᠢ ᠲᠣᠰ ᠰᠠᠯᠠᠭ᠎ᠠ ᠮᠥᠴᠢᠷ ᠪᠣᠯᠤᠨ ᠳᠣᠤᠷᠠᠳᠤ ᠱᠠᠲᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠤᠨ | ᠬᠡᠷᠡᠭᠵᠢᠭᠦᠯᠵᠦ ᠪᠠᠶᠢᠭ᠎ᠠ ᠵᠦᠢᠯᠡᠰ ᠢ ᠵᠦᠢᠯ ᠳᠠᠷᠠᠭᠠᠯᠠᠨ ᠬᠢᠨᠠᠨ ᠬᠠᠷᠭᠤᠭᠤᠯᠬᠤ ᠶᠢ ᠱᠠᠭᠠᠷᠳᠠᠨ᠎ᠠ᠃ ᠠᠶᠢᠮᠠᠭ ᠤᠨ | ᠪᠠᠩᠬᠢ ᠶᠢᠨ ᠬᠢᠨᠠᠨ ᠪᠠᠶᠢᠴᠠᠭᠠᠬᠤ ᠲᠣᠪᠴᠢᠶ᠎ᠠ ᠨᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠡᠯ᠎ᠡ ᠰᠠᠯᠠᠭ᠎ᠠ | ᠮᠥᠴᠢᠷ ᠤᠨ ᠳᠡᠪᠰᠢᠭᠦᠯᠦᠭᠰᠡᠨ ᠵᠠᠰᠠᠪᠤᠷᠢ ᠣᠷᠣᠭᠤᠯᠬᠤ ᠰᠠᠨᠠᠯ ᠢ ᠬᠢᠨᠠᠨ ᠬᠠᠷᠭᠤᠭᠤᠯᠵᠤ᠂ ᠲᠣᠭᠲᠠᠭᠠᠯ ᠳᠤ ᠨᠡᠶᠢᠴᠡᠬᠦ | ᠰᠠᠨᠠᠯ ᠢ ᠭᠥᠯᠢᠶᠡᠨ ᠠᠪᠬᠤ ᠶᠢᠨ ᠬᠠᠮᠲᠤ ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠳᠤ ᠵᠠᠰᠠᠪᠤᠷᠢ ᠣᠷᠣᠭᠤᠯᠵᠤ᠂ ᠬᠦᠷᠭᠡᠨ ᠬᠢᠨᠠᠭᠤᠯᠬᠤ ᠡᠬᠡ | ᠨᠣᠤᠷᠠᠭ ᠢ ᠪᠣᠶ ᠪᠣᠯᠭᠠᠵᠤ᠂ ᠠᠶᠢᠮᠠᠭ ᠵᠠᠬᠢᠷᠭ᠎ᠠ ᠶᠢᠨ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ | ᠵᠥᠪᠯᠡᠭᠦᠯᠦᠨ᠎ᠡ᠃ | ︵3︶ 2024 ᠣᠨ ᠤ 2 ᠳ᠋ᠤᠭᠠᠷ ᠰᠠᠷ᠎ᠠ ᠶᠢᠨ 20 ᠤ ᠡᠳᠦᠷ᠂ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ | ᠬᠤᠷᠠᠯ ᠠᠴᠠ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ | ᠨᠠᠷᠢᠨ ᠲᠠᠩᠰᠠ ︵2024 ᠣᠨ ᠤ ᠬᠡᠪᠯᠡᠯ︶︾ ᠶᠢ ᠬᠢᠨᠠᠨ ᠵᠥᠪᠯᠡᠵᠦ ᠪᠠᠲᠤᠯᠠᠪᠠ᠃ | ︵4︶ 2 ᠳ᠋ᠤᠭᠠᠷ ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ︽ | ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵ | 2024 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠠᠷ | ᠨᠡᠶᠢᠲᠡᠯᠡᠪᠡ᠃ | ᠭᠤᠷᠪᠠ᠂ ︽ᠲᠣᠳᠣᠷᠬᠠᠶ ᠬᠠᠭᠤᠳᠠᠰᠤ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ︖ | ︽ᠨᠠᠷᠢᠨ ᠲᠠᠩᠰᠠ︾ ᠳᠤ ᠭᠤᠤᠯᠳᠠᠭᠤ ᠬᠤᠶᠠᠷ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ | ᠨᠢᠭᠡ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠲᠣᠭᠲᠠᠭᠠᠬᠤ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠨᠡᠶᠢᠲᠡ 337 ᠵᠦᠶ᠋ᠯ ᠢ | ᠪᠠᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢᠨ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢ ᠵᠣᠬᠢᠶᠠᠨ ᠪᠠᠶᠢᠭᠤᠯᠵᠤ ᠡᠮᠬᠢᠯᠡᠨ | ᠨᠠᠶᠢᠷᠠᠭᠤᠯᠵᠤ ᠨᠠᠶᠢᠷᠠᠭᠤᠯᠤᠨ ᠵᠣᠬᠢᠶᠠᠭᠰᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ | ᠨᠠᠷᠢᠨ ᠬᠠᠭᠤᠳᠠᠰᠤ ᠶᠢ ᠡᠮᠬᠢᠯᠡᠨ ᠳᠢᠭᠯᠡᠬᠦ ᠪᠠᠷ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠠᠴᠠ ᠠᠶᠢᠮᠠᠭ ᠤᠨ ᠲᠣᠰ ᠱᠠᠲᠤᠨ ᠤ ᠡᠯ᠎ᠡ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ ᠲᠠᠨᠢᠵᠤ ᠠᠪᠤᠭᠤᠯᠵᠤ | ᠂ ᠠᠶᠢᠮᠠᠭ ᠤᠨ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠥᠬᠦ | ᠠᠶᠢᠮᠠᠭ ᠤᠨ ᠡᠯ᠎ᠡ ᠲᠠᠰ ᠳᠠᠪᠬᠤᠷᠭ᠎ᠠ ᠶᠢᠨ ᠬᠡᠷᠡᠭᠵᠢᠭᠦᠯᠬᠦ ᠪᠠᠶᠢᠭᠤᠯᠭ᠎ᠠ ᠶᠢ ᠲᠣᠳᠣᠷᠬᠠᠶᠢᠯᠠᠪᠠ᠃ | ᠬᠤᠶᠠᠷ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠡᠶᠢᠲᠡ 11 ᠵᠦᠶ᠋ᠯ ᠢ ᠪᠠᠭᠲᠠᠭᠠᠵᠤ᠂ ᠨᠠᠷᠢᠨ ᠬᠠᠭᠤᠳᠠᠰᠤ ᠶᠢᠨ ᠠᠭᠤᠯᠭ᠎ᠠ ᠨᠢ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ ᠶᠢᠨ ᠡᠯ᠎ᠡ ᠭᠠᠵᠠᠷ ᠣᠷᠣᠨ | ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠦᠨᠳᠦᠰᠦᠯᠡᠨ | ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠠᠶᠢᠮᠠᠭ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠠᠶᠢᠮᠠᠭ ᠤᠨ | ᠲᠣᠰ ᠱᠠᠲᠤᠨ ᠤ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠮᠠᠨ ᠤ ᠠᠶᠢᠮᠠᠭ ᠤᠨ ᠪᠣᠳᠠᠲᠠᠶ ᠲᠠᠢ ᠪᠠᠨ | ᠤᠶᠠᠯᠳᠤᠭᠤᠯᠤᠨ ᠲᠠᠨᠢᠵᠤ ᠠᠪᠤᠭᠤᠯᠵᠤ᠂ ᠠᠶᠢᠮᠠᠭ ᠤᠨ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠠ ᠪᠥᠬᠦ ᠠᠶᠢᠮᠠᠭ ᠤᠨ ᠡᠯ᠎ᠡ ᠲᠠᠰ ᠳᠠᠪᠬᠤᠷᠭ᠎ᠠ ᠶᠢᠨ ᠬᠡᠷᠡᠭᠵᠢᠭᠦᠯᠬᠦ ᠪᠠᠶᠢᠭᠤᠯᠭ᠎ᠠ ᠶᠢ | ᠲᠣᠳᠣᠷᠬᠠᠶᠢᠯᠠᠪᠠ᠃ | ᠲᠦᠷᠪᠡ᠂ ︽ᠲᠣᠳᠣᠷᠬᠠᠶ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠨᠢ ᠶᠠᠮᠠᠷ ᠶᠠᠮᠠᠷ ᠴᠢᠬᠤᠯᠠ ᠠᠴᠢ | ᠬᠤᠯᠪᠣᠭᠳᠠᠯ ᠲᠠᠢ ᠪᠤᠢ︖ | ᠨᠢᠭᠡ ᠳᠤ ︽ᠲᠣᠳᠣᠷᠬᠠᠶ ᠬᠠᠭᠤᠳᠠᠰᠤ︾ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ | ᠨᠢᠭᠡᠴᠡ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠦᠨᠳᠦᠰᠦᠯᠡᠯ ᠮᠥᠨ᠂ ᠲᠣᠳᠣᠷᠬᠠᠶ | ᠬᠠᠭᠤᠳᠠᠰᠤ ᠠᠴᠠ ᠭᠠᠳᠠᠨ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ | ᠦᠭᠡᠢ᠃ | ᠬᠤᠶᠠᠷ ᠲᠤ ︽ᠨᠠᠷᠢᠨ ᠲᠠᠩᠰᠠ︾ ᠪᠣᠯ ᠡᠯ᠎ᠡ ᠬᠤᠰᠢᠭᠤ ᠰᠢᠶᠠᠨ ᠬᠤᠲᠠ ᠶᠢᠨ ᠲᠣᠰ ᠵᠠᠰᠠᠭ ᠵᠠᠬᠢᠷᠭᠠᠨ ᠤ | ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠡᠮᠬᠢᠯᠡᠨ ᠲᠠᠨᠢᠵᠤ ᠠᠪᠬᠤ ᠶᠢᠨ ᠦᠨᠳᠦᠰᠦᠯᠡᠯ ᠮᠥᠨ᠂ | ᠡᠯ᠎ᠡ ᠭᠠᠵᠠᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠨᠢ ︽ᠨᠠᠷᠢᠨ ᠲᠠᠩᠰᠠ︾ | ᠶᠢᠨ ᠬᠡᠪᠴᠢᠶ᠎ᠡ ᠠᠴᠠ ᠬᠡᠲᠦᠷᠡᠵᠦ ᠪᠣᠯᠬᠤ ᠥᠬᠡᠶ᠃ | ᠲᠠᠪᠤ᠂ ︽ᠨᠠᠷᠢᠨ ᠲᠠᠩᠰᠠ︾ ᠶᠢᠨ 2024 ᠣᠨ ᠤ ᠬᠡᠪᠯᠡᠯ ᠪᠣᠯᠤᠨ ︽ᠨᠠᠷᠢᠨ ᠲᠠᠩᠰᠠ︾ ᠶᠢᠨ 2022 | ᠣᠨ ᠤ ᠬᠡᠪᠯᠡᠯ ᠤᠨ ᠠᠭᠤᠯᠭ᠎ᠠ ᠶᠢᠨ ᠲᠠᠯ᠎ᠠ ᠪᠠᠷ ᠶᠠᠮᠠᠷ ᠢᠯᠭᠠᠭ᠎ᠠ ᠲᠠᠢ ᠪᠣᠶ︖ | ︽ᠨᠠᠷᠢᠨ ᠲᠠᠩᠰᠠ︾ ᠶᠢᠨ 2024 ᠣᠨ ᠤ ᠬᠡᠪᠯᠡᠯ ᠳᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠲᠠᠩᠰᠠ ᠶᠢᠨ ᠲᠠᠯ᠎ᠠ ᠪᠠᠷ 2022 ᠣᠨ ᠤ ᠬᠢ ᠲᠠᠢ ᠬᠠᠷᠢᠴᠠᠭᠤᠯᠪᠠᠯ 15 ᠵᠦᠢᠯ ᠨᠡᠮᠡᠵᠦ᠂ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠦᠷᠢᠮ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠲᠠᠩᠰᠠ ᠶᠢᠨ ᠲᠠᠯ᠎ᠠ ᠪᠠᠷ 2022 ᠣᠨ ᠤ ᠬᠢ ᠲᠠᠢ ᠬᠠᠷᠢᠴᠠᠭᠤᠯᠪᠠᠯ 1 ᠵᠦᠢᠯ ᠨᠡᠮᠡᠪᠡ᠃ ᠬᠡᠰᠡᠭ ᠵᠦᠢᠯᠡᠰ ᠢ | ᠲᠣᠭᠲᠠᠭᠠᠬᠤ ᠦᠨᠳᠦᠰᠦ ᠪᠠᠷᠢᠮᠲᠠ ᠶᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠲᠣᠭᠲᠠᠭᠠᠬᠤ ᠵᠠᠰᠠᠪᠤᠷᠢ | ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠯᠲᠠ ᠬᠢᠬᠦ ᠳᠤ ᠵᠡᠷᠭᠡ ᠪᠠᠷ ᠲᠤᠬᠢᠷᠠᠭᠤᠯᠤᠯᠲᠠ ᠬᠢᠪᠡ᠃ | | |