ᠮᠠ ᠶᠢ ᠪᠦᠯᠦᠭᠯᠡᠯ ᠤᠨ ᠵᠠᠭᠤᠨ ᠰᠢᠶᠠᠨ  ᠵᠠᠭᠤᠨ ᠪᠦᠲᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ ︵ᠬᠢᠩᠭᠠᠨ ᠠᠶᠢᠮᠠᠭ︶ ᠶᠢᠨ ᠲᠤᠰᠬᠠᠶ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/8/28
        8 ᠰᠠᠷ᠎ᠠ ᠶᠢᠨ 22 ᠤᠨ ᠡᠳᠦᠷ᠂ ᠲᠥᠪ ᠤᠨ ᠤᠬᠠᠭᠤᠯᠬᠤ ᠬᠡᠯᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠵᠢᠯᠣᠭᠤᠳᠣᠯᠭ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠢᠩᠭᠠᠨ ᠠᠶᠢᠮᠠᠭ ᠤᠨ ᠵᠠᠬᠢᠷᠭ᠎ᠠ  ᠮᠠ ᠶᠢ ᠪᠦᠯᠦᠭᠯᠡᠯ ᠲᠠᠢ ᠬᠠᠮᠲᠤᠷᠠᠨ ᠭᠤᠤᠯᠯᠠᠨ ᠡᠷᠭᠢᠯᠡᠭᠰᠡᠨ  ᡁᠢ ᠹᠦ᠋ ᠪᠣᠣ ᠲᠠᠪᠴᠠᠩ  ᠤᠨ ︽ᠵᠠᠭᠤᠨ ᠰᠢᠶᠠᠨ ᠵᠠᠭᠤᠨ ᠵᠦᠢᠯ ᠤᠨ ᠪᠦᠲᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ ᠥᠪᠥᠷ ᠮᠣᠩᠭᠤᠯ ︵ᠬᠢᠩᠭᠠᠨ ᠠᠶᠢᠮᠠᠭ︶ ᠤᠨ ᠲᠤᠰᠬᠠᠶ ᠲᠠᠯᠠᠪᠠᠶ︾ ᠶᠢᠨ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠵᠢᠩᠬᠢᠨᠢ ᠪᠠᠷ ᠡᠬᠢᠯᠡᠪᠡ᠃ ᠲᠤᠭ᠎ᠠ ᠪᠦᠷᠢᠳᠬᠡᠯ ᠤᠨ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ ᠪᠠ ᠬᠤᠳᠠᠯᠳᠤᠭ᠎ᠠ ᠵᠢᠭᠤᠯᠴᠢᠯᠠᠯ ᠰᠣᠶᠣᠯ ᠢ ᠠᠭᠤᠰᠤᠯᠴᠠᠭᠤᠯᠤᠨ ᠬᠥᠭᠵᠢᠭᠦᠯᠬᠦ ᠳᠤ ᠬᠦᠴᠦ ᠨᠡᠮᠡᠷᠢᠯᠡᠬᠦ ᠶᠢᠨ ᠬᠠᠮᠲᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠᠷ ᠲᠤᠷᠰᠢᠯᠲᠠ ᠶᠢᠨ ᠴᠢᠬ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠶ ᠬᠥᠭᠵᠢᠯᠲᠡ ᠶᠢᠨ ᠬᠡᠪ ᠳᠠᠭᠤᠷᠢᠶᠠᠯ ᠬᠤᠰᠢᠭᠤ ᠰᠢᠶᠠᠨ ᠢ ᠪᠣᠶ ᠪᠣᠯᠭᠠᠨ᠎ᠠ᠃    ᠲᠥᠪ ᠤᠨ ᠤᠬᠠᠭᠤᠯᠬᠤ ᠬᠡᠯᠲᠡᠰ ᠤᠨ ᠪᠠᠶᠢᠭᠤᠯᠤᠯᠭ᠎ᠠ ᠶᠢᠨ ᠨᠠᠮ ᠤᠨ  ᠬᠤᠷᠢᠶ᠎ᠠ ᠂ ᠮᠠ ᠶᠢ ᠪᠦᠯᠦᠭᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ ᠲᠥᠪ ᠤᠨ ᠤᠬᠠᠭᠤᠯᠬᠤ ᠬᠡᠯᠲᠡᠰ ᠤᠨ ᠪᠠᠶᠢᠭᠤᠯᠤᠯᠭ᠎ᠠ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠭᠦᠩ ᠪᠢᠩ ᠰᠢᠶᠠᠩ ᠲᠥᠪ ᠤᠨ ᠤᠬᠠᠭᠤᠯᠬᠤ ᠬᠡᠯᠲᠡᠰ ᠤᠨ ᠪᠠᠶᠢᠭᠤᠯᠤᠯᠭ᠎ᠠ ᠶᠢᠨ ᠨᠠᠮ ᠤᠨ  ᠬᠤᠷᠢᠶ᠎ᠠ ᠶᠢ ᠲᠥᠯᠥᠭᠡᠯᠡᠵᠦ᠂ ᠲᠤᠰ ᠤᠳᠠᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠳᠤ ᠬᠠᠯᠠᠭᠤᠨ ᠪᠠᠶᠠᠷ ᠬᠦᠷᠭᠡᠪᠡ᠃ ᠲᠡᠷᠡ᠂ ᠲᠤᠰ ᠤᠳᠠᠭ᠎ᠠ ᠶᠢᠨ ᠠᠵᠢᠯᠯᠠᠭ᠎ᠠ ᠪᠣᠯ ᠮᠠ ᠶᠢ ᠪᠦᠯᠦᠭᠯᠡᠯ ᠤᠨ ᠪᠣᠬᠢᠷᠲᠤᠯ ᠦᠭᠡᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠳᠠᠶᠢᠴᠢᠯᠠᠨ ᠪᠠᠶᠠᠵᠢᠭᠤᠯᠵᠤ ᠣᠷᠣᠯᠭ᠎ᠠ ᠶᠢ ᠨᠢ ᠨᠡᠮᠡᠭᠳᠡᠭᠦᠯᠬᠦ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠬᠤᠶᠠᠷ ᠲᠠᠯ᠎ᠠ ᠪᠠᠷ ᠢᠶᠠᠨ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠶᠠᠷ ᠲᠠᠯ᠎ᠠ ᠪᠠᠷ ᠢᠶᠠᠨ ᠨᠡᠩ ᠪᠣᠳᠠᠲᠠᠢ ᠠᠷᠭ᠎ᠠ  ᠬᠡᠮᠵᠢᠶ᠎ᠡ ᠂ ᠨᠡᠩ ᠥᠨᠳᠥᠷ ᠪᠠᠷᠢᠮᠵᠢᠶ᠎ᠠ ᠪᠣᠯᠤᠨ ᠨᠡᠩ ᠶᠡᠭᠡ ᠬᠦᠴᠦᠯᠡᠴᠡ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠮᠢ ᠠᠬᠤᠢ ᠶᠢᠨ ᠬᠤᠭᠤᠯᠠ︾ ᠶᠢ ᠤᠯᠠᠮ ᠠᠴᠠ ᠤᠯᠠᠮ ᠠᠮᠲᠠᠲᠠᠢ ᠪᠣᠯᠭᠠᠵᠤ᠂ ︽ᠰᠣᠶᠣᠯ ᠵᠤᠭᠠᠴᠠᠯ ᠤᠨ ᠠᠵᠤ ᠠᠬᠤᠢ︾ ᠶᠢ ᠤᠯᠠᠮ ᠠᠴᠠ ᠤᠯᠠᠮ ᠶᠡᠬᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃  ᠮᠠ ᠶᠢ ᠪᠦᠯᠦᠭᠯᠡᠯ ᠤᠨ ᠨᠡᠷ᠎ᠡ ᠬᠦᠨᠳᠦᠲᠦ ᠳᠡᠳ᠋ ᠶᠡᠷᠦᠩᠬᠡᠶ ᠵᠠᠬᠢᠷᠤᠯ᠂ ᠦᠷᠭᠦᠯᠵᠢᠯᠡᠬᠦ ᠬᠥᠭᠵᠢᠯᠲᠡ ᠶᠢᠨ ᠲᠡᠷᠢᠭᠦᠨ ᠨᠣᠶᠠᠨ  ᠫᠧᠩ ᠢ ᠵᠢᠶᠧ ᠢᠯᠡᠷᠬᠡᠶᠢᠯᠡᠬᠦ ᠳᠡᠭᠡᠨ᠂  ᠮᠠ ᠶᠢ ᠪᠦᠯᠦᠭᠯᠡᠯ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ ᠡᠯᠧᠮᠧᠨ᠋ᠲ ᠤᠨ ᠲᠣᠭᠤᠷᠢᠨ ᠳᠤ ᠲᠣᠭᠠᠴᠢᠯᠠᠭᠰᠠᠨ ᠮᠡᠷᠭᠡᠵᠢᠯ ᠪᠣᠯᠤᠨ ᠲᠠᠪᠴᠠᠩ ᠤᠨ ᠴᠢᠳᠠᠪᠤᠷᠢ ᠶᠢ ᠪᠠᠳᠠᠷᠠᠭᠤᠯᠵᠤ᠂ ᠪᠣᠬᠢᠷᠲᠤᠯ ᠥᠬᠡᠶ ᠠᠮᠢ ᠠᠬᠤᠶ᠂ ᠪᠣᠬᠢᠷᠲᠤᠯ ᠥᠬᠡᠶ ᠠᠵᠤ  ᠦᠢᠯᠡᠰ ᠂ ᠪᠣᠬᠢᠷᠲᠤᠯ ᠥᠬᠡᠶ ᠵᠠᠭᠠᠮᠠᠳᠠᠨ ᠴᠢᠳᠠᠪᠤᠷᠢᠲᠠᠨ ᠪᠣᠯᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠥᠷᠪᠡᠨ ᠲᠠᠯ᠎ᠠ ᠳᠤ ᠭᠤᠤᠯᠳᠠᠯᠭ᠎ᠠ ᠲᠠᠢ ᠲᠥᠪᠯᠡᠷᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂  ᡁᠢ ᠹᠦ᠋ ᠪᠣᠣ ᠲᠠᠪᠴᠠᠩ ᠤᠨ ᠴᠢᠳᠠᠪᠤᠷᠢ ᠶᠢ ᠪᠠᠳᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠨ ᠪᠠᠶᠢᠭᠤᠯᠤᠯᠲᠠ ᠳᠤ ᠬᠦᠴᠦ ᠨᠡᠮᠡᠷᠢᠯᠡᠨ᠎ᠡ︔ ᠲᠣᠭᠠᠴᠢᠯᠠᠭᠰᠠᠨ ᠲᠦᠭᠡᠮᠡᠯ ᠬᠠᠷᠠᠭᠠᠯᠵᠠᠯᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠠᠳᠠᠷᠠᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ︔ ᠠᠷᠠᠳ ᠤᠨ ᠣᠷᠣᠨ ᠰᠠᠭᠤᠴᠠ ᠶᠢᠨ ᠬᠠᠮᠢᠶᠠᠷᠤᠭᠴᠢ᠂ ᠲᠣᠭᠠᠴᠢᠯᠠᠭᠰᠠᠨ ᠰᠢᠨ᠎ᠡ ᠲᠠᠷᠢᠶᠠᠴᠢᠨ ᠤ ᠪᠣᠯᠪᠠᠰᠤᠷᠠᠯ ᠢ ᠥᠷᠨᠢᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠪᠠᠶᠢᠭᠤᠯᠬᠤ ᠳᠤ ᠬᠦᠴᠦ ᠨᠡᠮᠡᠷᠢᠯᠡᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ ᠠᠵᠢᠯᠯᠠᠭ᠎ᠠ ᠳᠤ᠂ ᠬᠢᠩᠭᠠᠨ ᠠᠶᠢᠮᠠᠭ ᠤᠨ ᠵᠠᠬᠢᠷᠭ᠎ᠠ ᠪᠣᠯᠤᠨ  ᠮᠠ ᠶᠢ ᠪᠦᠯᠦᠭᠯᠡᠯ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ  ᠮᠠ ᠶᠢ ᠪᠦᠯᠦᠭᠯᠡᠯ ᠵᠡᠷᠭᠡᠪᠡᠷ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠪᠣᠬᠢᠷᠲᠤᠯ ᠦᠭᠡᠢ ᠠᠮᠢ ᠠᠬᠤᠢ ᠶᠢ ᠬᠥᠭᠵᠢᠭᠦᠯᠬᠦ᠂ ᠪᠣᠬᠢᠷᠲᠤᠯ ᠦᠭᠡᠢ ᠠᠵᠤ ᠦᠢᠯᠡᠰ ᠢ ᠬᠥᠭᠵᠢᠭᠦᠯᠬᠦ᠂ ᠨᠣᠭᠤᠭᠠᠨ ᠵᠠᠭᠠᠮᠠᠳᠠᠨ ᠤ ᠴᠢᠳᠠᠪᠤᠷᠢᠲᠠᠨ ᠢ ᠬᠥᠭᠵᠢᠭᠦᠯᠬᠦ᠂ ᠨᠡᠶᠢᠲᠡ ᠶᠢᠨ ᠠᠰᠠᠷᠠᠮᠵᠢ ᠪᠠᠷ ᠶᠠᠳᠠᠭᠤᠷᠠᠬᠤ ᠶᠢ ᠰᠡᠷᠭᠡᠶᠢᠯᠡᠬᠦ ᠲᠦᠷᠪᠡᠨ ᠲᠠᠯ᠎ᠠ ᠠᠴᠠ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠎ᠠ᠃ ᠠᠵᠢᠯᠯᠠᠭ᠎ᠠ ᠳᠤ ︽ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠰᠠᠶᠢᠨ ᠲᠠᠷᠢᠶᠠᠯᠠᠩ ᠤᠨ ᠭᠠᠷᠤᠯᠲᠠ ᠳᠤ ᠲᠠᠪᠴᠠᠩ ᠠᠴᠠ ᠨᠢᠭᠡ ᠮᠥᠩᠭᠦ ᠴᠦ ᠬᠤᠷᠢᠶᠠᠬᠤ ᠥᠬᠡᠶ᠂ ᠬᠥᠳᠡᠭᠡ ᠲᠣᠰᠬᠤᠨ ᠤ ᠰᠠᠶᠢᠨ ᠨᠠᠷᠠᠲᠤ ᠲᠡᠮᠳᠡᠭᠲᠦ ᠳᠤ ᠬᠦᠴᠦᠨ ᠨᠡᠮᠡᠷᠢᠯᠡᠬᠦ︾ ᠵᠣᠷᠢᠯᠲᠠ ᠶᠢ ᠪᠠᠷᠢᠮᠲᠠᠯᠠᠵᠤ᠂ ᠬᠢᠩᠭᠠᠨ ᠠᠶᠢᠮᠠᠭ ᠤᠨ ᠲᠤᠲᠤᠷᠭ᠎ᠠ ᠵᠡᠷᠭᠡ ᠥᠪᠥᠷ ᠮᠣᠩᠭᠤᠯ ᠤᠨ 26 ᠤᠯᠤᠰ ᠤᠨ ᠲᠠᠰ ᠤᠨ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠳᠤ ᠬᠦᠴᠦᠨ ᠨᠡᠮᠡᠷᠢᠯᠡᠬᠦ 110 ᠭᠠᠷᠤᠶ  ᠵᠦᠢᠯ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠰᠢᠭᠯᠠᠯᠲᠠ ᠶᠢᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ 300 ᠭᠠᠷᠤᠶ ᠵᠤᠷᠪᠤᠰ ᠣᠷᠣᠨ ᠨᠤᠲᠤᠭ ᠤᠨ ᠰᠣᠶᠣᠯ ᠵᠢᠭᠤᠯᠴᠢᠯᠠᠯ ᠤᠨ ᠵᠠᠮ ᠱᠤᠭᠤᠮ ᠢ ᠵᠡᠷᠭᠡᠪᠡᠷ ᠰᠦᠯᠵᠢᠶᠡᠨ ᠳᠡᠭᠡᠷ᠎ᠡ ᠳᠡᠯᠭᠡᠷᠡᠭᠦᠯᠬᠦ ᠪᠠᠷ ᠪᠣᠶ᠃     ᠮᠠ ᠶᠢ ᠪᠦᠯᠦᠭᠯᠡᠯ ᠪᠣᠬᠢᠷᠲᠤᠯ ᠥᠬᠡᠶ ᠠᠮᠢ ᠠᠬᠤᠶ ᠶᠢ ᠬᠥᠭᠵᠢᠭᠦᠯᠬᠦ ᠲᠠᠯ᠎ᠠ ᠪᠠᠷ᠂ ᠮᠠ ᠶᠢ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢᠶᠠᠷ ᠳᠡᠮᠵᠢᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦ ᠨᠡᠮᠡᠷᠢᠯᠡᠵᠦ᠂ 2024 ᠣᠨ ᠳᠤ ᠰᠢᠷᠭᠤᠯᠵᠢ ᠶᠢᠨ ᠣᠶ ᠰᠢᠭᠤᠶ ᠶᠢᠨ ᠲᠥᠷᠥᠯ  ᠵᠦᠢᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠳᠠᠷᠢᠬᠤ ᠲᠠᠯᠠᠪᠠᠶ ᠵᠢᠱᠢᠯᠲᠡ ᠪᠠᠷ 10 ᠲᠦᠮᠡᠨ ᠮᠥ ᠳᠤ ᠬᠥᠷᠬᠦ ᠪᠣᠯᠤᠨ᠎ᠠ᠃ ᠪᠣᠬᠢᠷᠲᠤᠯ ᠥᠬᠡᠶ ᠠᠵᠤ  ᠦᠢᠯᠡᠰ ᠢ ᠬᠥᠭᠵᠢᠭᠦᠯᠬᠦ ᠲᠠᠯ᠎ᠠ ᠪᠠᠷ᠂ ᠵᠠᠭᠤᠨ ᠰᠢᠶᠠᠨ ᠵᠠᠭᠤᠨ ᠪᠦᠲᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠬᠤ ᠠᠵᠢᠯᠯᠠᠭ᠎ᠠ᠂ ᠰᠦᠯᠵᠢᠶᠡᠨ ᠤ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠥᠷᠥᠯ  ᠵᠦᠢᠯ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠠᠭᠤᠳᠠᠯᠤᠨ ᠳᠡᠯᠭᠡᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠦᠷᠭᠦᠯᠵᠢᠯᠡᠨ ᠬᠥᠭᠵᠢᠬᠦ ᠳᠤ ᠬᠦᠴᠦᠨ ᠨᠡᠮᠡᠷᠢᠯᠡᠨ᠎ᠡ᠃  ᠪᠤᠬᠢᠷᠳᠦᠯ ᠦᠭᠡᠢ ᠵᠠᠭᠠᠮᠠᠲᠤ ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ᠂ ᠠᠷᠠᠳ ᠤᠨ ᠪᠠᠶᠢᠷᠢ ᠶᠢᠨ ᠬᠠᠮᠢᠶᠠᠷᠤᠭᠴᠢ ᠶᠢᠨ ᠪᠣᠯᠪᠠᠰᠤᠷᠠᠭᠤᠯᠤᠯ᠂ ᠲᠣᠭᠠᠴᠢᠯᠠᠭᠰᠠᠨ ᠰᠢᠨ᠎ᠡ ᠲᠠᠷᠢᠶᠠᠴᠢᠨ ᠤ ᠪᠣᠯᠪᠠᠰᠤᠷᠠᠭᠤᠯᠤᠯ᠂ ᠰᠤᠷᠭᠠᠭᠤᠯᠢ ᠶᠢᠨ ᠬᠦᠷᠢᠶᠡᠨ ᠤ ᠡᠮᠡᠭᠲᠡᠶ ᠶᠢᠨ ᠰᠠᠭᠰᠤᠨ ᠪᠥᠮᠪᠦᠭᠡ ᠶᠢᠨ ᠲᠥᠷᠥᠯ  ᠵᠦᠢᠯ ᠢᠶᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠨᠢᠭᠡ ᠰᠠᠭᠤᠷᠢ ᠱᠤᠭᠤᠮ︾ ᠢ ᠪᠠᠲᠤ ᠰᠠᠬᠢᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂  ᠮᠠ ᠶᠢ ᠪᠦᠯᠦᠭᠯᠡᠯ ᠨᠢ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠳᠤᠮᠳᠠᠳᠤ ᠤᠯᠤᠰ ᠤᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ  ︽ᠬᠦᠰᠡᠯ ᠵᠡᠭᠦᠳᠦ ᠪᠠᠨ ᠬᠥᠭᠡᠭᠡᠴᠡᠯᠳᠦᠭᠴᠢ︾ ᠶᠢᠨ ᠰᠢᠷᠢᠰ ᠲᠥᠷᠥᠯ ᠵᠦᠢᠯ ᠢ ᠪᠤᠶ ᠪᠣᠯᠭᠠᠵᠤ᠂ ᠲᠣᠭᠠᠴᠢᠯᠠᠭᠰᠠᠨ ᠨᠡᠶᠢᠲᠡ ᠶᠢᠨ ᠠᠰᠠᠷᠠᠮᠵᠢ ᠶᠢᠨ ᠳᠠᠭᠠᠳᠬᠠᠯ ᠢᠶᠠᠷ ᠳᠠᠮᠵᠢᠭᠤᠯᠤᠨ ᠨᠡᠶᠢᠭᠡᠮ ᠤᠨ ᠬᠦᠴᠦᠨ ᠢ ᠳᠠᠶᠢᠴᠢᠯᠠᠨ ᠠᠶᠤᠯ ᠲᠦᠭᠰᠢᠭᠦᠷᠢ ᠶᠢ ᠲᠡᠳᠬᠦᠨ ᠬᠦᠴᠢᠷᠳᠡᠯᠲᠡᠶ ᠶᠢ ᠲᠤᠰᠠᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠯᠭ᠎ᠠ ᠪᠠᠭᠠᠲᠠᠶ᠂ ᠬᠡᠷ ᠢᠶᠠᠨ ᠰᠠᠬᠢᠵᠤ ᠬᠤᠴᠣᠷᠤᠭᠰᠠᠨ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ ᠵᠡᠷᠭᠡ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠳᠤ ᠬᠠᠯᠠᠮᠵᠢᠯᠠᠨ ᠬᠠᠶᠢᠷᠠᠯᠠᠬᠤ  ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠬᠠᠯᠠᠮᠵᠢᠯᠠᠨ ᠬᠠᠶᠢᠷᠠᠯᠠᠬᠤ ᠡᠩᠨᠡᠭᠡ ᠶᠢᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠠᠷᠠᠭᠠᠯᠵᠠᠨ ᠬᠠᠮᠠᠭᠠᠯᠠᠭᠴᠢ ᠶᠢᠨ ᠬᠡᠷ ᠪᠦᠯᠢ ᠶᠢᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠬᠡᠷ ᠪᠦᠯᠢ ᠳᠤ ᠠᠮᠤᠷ ᠲᠦᠪᠰᠢᠨ᠂ ᠬᠠᠯᠠᠭᠤᠨ ᠳᠤᠯᠠᠭᠠᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号