| | ᠨᠠᠮᠤᠷ ᠤᠨ ᠡᠷᠲᠡ ᠶᠢᠨ ᠦᠶ᠎ᠡ ᠳᠤ᠂ ᠲᠠᠯ᠎ᠠ ᠨᠤᠲᠤᠭ ᠤᠨ ᠬᠢᠨ ᠬᠥᠬᠡ ᠣᠭᠲᠠᠷᠭᠤᠢ ᠳᠤ ᠵᠢᠷᠦᠬᠡ ᠲᠦᠭᠰᠢᠵᠦ᠂ | ᠬᠥᠪᠪᠥᠨ ᠲᠤᠩᠭᠠᠯᠠᠭ ᠡᠭᠦᠯᠡ ᠪᠠᠷ ᠰᠢᠯᠦᠭ ᠤᠨ ᠰᠠᠨᠠᠭ᠎ᠠ ᠳᠦᠭᠦᠷᠡᠩ ᠢᠷᠠᠭᠤ ᠰᠠᠶᠢᠬᠠᠨ ᠬᠠᠷᠠᠭᠳᠠᠨ᠎ᠠ᠃ | ᠵᠣᠬᠢᠶᠠᠭᠴᠢ ᠪᠦᠬᠦ ᠤᠯᠤᠰ ᠤᠨ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠨᠡᠶᠢᠲᠡᠯᠢᠭ ᠬᠤᠰᠢᠭᠤ | ᠂ ᠤᠯᠤᠰ ᠤᠨ ᠳᠠᠪᠠᠭᠤᠯᠢᠭ ᠣᠨᠴᠠᠯᠢᠭᠲᠤ ᠬᠤᠷᠴᠢᠨ ᠠᠯᠠᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠢ | ᠡᠭᠦᠳᠦᠨ ᠪᠠᠶᠢᠭᠤᠯᠬᠤ ᠬᠤᠰᠢᠭᠤ᠂ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠢ ᠡᠭᠦᠳᠦᠨ ᠪᠠᠶᠢᠭᠤᠯᠬᠤ ᠬᠤᠰᠢᠭᠤ — ︽ᠪᠠᠳᠤᠴᠠᠭᠠᠨ ᠤ ᠠᠳᠤᠭᠤᠲᠦ ᠪᠠᠯᠭᠠᠰᠤ︾ ᠶᠢᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠪᠡ᠃ 2024 ᠣᠨ ᠤ ᠳᠡᠭᠡᠷ᠎ᠡ ᠬᠠᠭᠠᠰ ᠵᠢᠯ ᠳᠤ᠂ ᠪᠦᠬᠦ | ᠬᠤᠰᠢᠭᠤᠨ ᠤ 52.22 ᠲᠦᠮᠡᠨ ᠦᠬᠡᠷ ᠤᠨ ᠲᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6. | 12% ᠪᠠᠷ ᠨᠡᠮᠡᠭᠳᠡᠪᠡ︔ ᠦᠷᠡᠵᠢᠬᠦ ᠦᠨᠢᠶᠡᠨ ᠤ ᠲᠤᠭ᠎ᠠ 26. 94 ᠲᠦᠮᠡ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.13% ᠪᠠᠷ ᠨᠡᠮᠡᠭᠳᠡᠪᠡ︔ ᠠᠯᠠᠰᠢᠨ ᠦᠬᠡᠷ ᠤᠨ ᠲᠤᠭ᠎ᠠ 47.15 ᠲᠦᠮᠡ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.93% ᠪᠠᠷ ᠨᠡᠮᠡᠭᠳᠡᠪᠡ︔ ᠰᠠᠶᠢᠨ ᠡᠭᠦᠯᠳᠡᠷ ᠵᠢᠴᠢ ᠡᠭᠦᠯᠳᠡᠷ | ᠰᠠᠶᠢᠵᠢᠷᠠᠭᠤᠯᠤᠭᠰᠠᠨ ᠦᠨᠢᠶ᠎ᠡ 5.06 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.63% ᠪᠠᠷ | ᠨᠡᠮᠡᠭᠳᠡᠪᠡ᠃ ᠡᠨᠡ ᠬᠦ ᠡᠯᠪᠡᠭ ᠪᠠᠶᠠᠯᠢᠭ ᠮᠠᠯ ᠠᠵᠤ ᠠᠬᠤᠢ ᠶᠢᠨ ᠡᠯᠪᠡᠭ ᠬᠤᠷᠢᠶᠠᠯᠲᠠ ᠶᠢᠨ ᠦᠵᠡᠮᠵᠢ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠬᠡᠷ ᠤᠨ ᠠᠵᠤ ᠦᠢᠯᠡᠰ ᠤᠨ ᠲᠣᠭᠲᠠᠭᠤᠨ ᠤ ᠳᠤᠮᠳᠠ ᠳᠡᠭᠡᠭᠰᠢᠯᠡᠬᠦ | ᠦᠨᠳᠦᠰᠦᠨ ᠪᠠᠶᠢᠳᠠᠯ ᠢ ᠪᠠᠲᠤ ᠰᠠᠬᠢᠪᠠ᠃ ᠣᠳᠣ ᠪᠣᠯ ᠶᠠᠭ ᠠᠯᠠᠰᠢᠨ ᠦᠬᠡᠷ ᠤᠨ ᠠᠵᠤ ᠦᠢᠯᠡᠰ ᠤᠨ | ᠬᠥᠭᠵᠢᠯᠲᠡ ᠶᠢᠨ ᠳᠣᠣᠷ᠎ᠠ ᠬᠤᠭᠤᠴᠠᠭ᠎ᠠ ᠮᠥᠨ᠂ ︽ᠹᠧᠩ ᠴᠢᠩ ᠮᠠ ᠪᠠᠯᠭᠠᠰᠤ︾ ᠭᠡᠵᠦ ᠨᠡᠷᠡᠶᠢᠳᠦᠭᠰᠡᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ ᠶᠠᠭᠠᠬᠢᠭᠠᠳ ᠡᠶᠢᠮᠦ ᠦᠬᠡᠷ ᠪᠠᠶᠢᠬᠤ ᠪᠤᠢ︖ ᠳᠡᠰ ᠳᠠᠪᠰᠢᠨ | ᠳᠠᠷᠤᠭᠠᠰᠤ ᠶᠢ ᠬᠥᠩᠭᠡᠷᠡᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠨ ᠲᠠᠯ᠎ᠠ ᠨᠤᠲᠤᠭ ᠢᠶᠠᠨ ᠳᠤᠷᠠᠳᠴᠤ᠂ ︽ᠬᠥᠬᠡ | ᠣᠭᠲᠠᠷᠭᠤᠢ᠂ ᠬᠡᠭᠡᠷ᠎ᠡ ᠲᠠᠯ᠎ᠠ ᠨᠡᠯᠦ᠋ᠢᠵᠦ᠂ ᠰᠠᠯᠬᠢ ᠰᠠᠯᠬᠢᠯᠠᠪᠠᠯ ᠦᠬᠡᠷ ᠬᠤᠨᠢ ᠬᠠᠷᠠᠭᠳᠠᠨ᠎ᠠ︾ ᠭᠡᠵᠦ ᠣᠯᠠᠩᠬᠢ | ᠬᠥᠮᠦᠰ ᠤᠨ ᠬᠦᠰᠡᠨ ᠮᠥᠷᠥᠭᠡᠳᠴᠦ ᠪᠠᠶᠢᠭ᠎ᠠ ᠰᠢᠯᠦᠭ ᠪᠠ ᠠᠯᠤᠰ ᠤᠨ ᠭᠠᠵᠠᠷ ᠪᠣᠯᠤᠨ᠎ᠠ᠃ ᠣᠳᠣᠬᠠᠨ ᠳᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯ᠎ᠡ ᠰᠠᠯᠬᠢᠨ ᠳᠤ ᠦᠯᠢᠶᠡᠭᠳᠡᠨ ᠦᠬᠡᠷ ᠬᠤᠨᠢ ᠬᠠᠷᠠᠭᠳᠠᠬᠤ | ᠦᠭᠡᠢ ᠪᠠᠶᠢᠯ᠎ᠠ᠃ ᠦᠨᠡᠨ ᠳᠤ ᠪᠠᠨ᠂ ᠨᠣᠭᠤᠭᠠᠨ ᠵᠦᠯᠭᠡ᠂ ᠦᠬᠡᠷ ᠬᠤᠨᠢ ᠠᠭᠤᠯᠠ ᠨᠢᠷᠤᠭᠤ ᠳᠦᠭᠦᠷᠡᠩ ᠰᠠᠶᠢᠬᠠᠨ | ᠦᠵᠡᠮᠵᠢ ᠴᠦ ᠣᠯᠳᠠᠬᠤᠶ᠎ᠠ ᠪᠡᠷᠬᠡ ᠪᠠᠶᠢᠳᠠᠭ᠂ ᠤᠴᠢᠷ ᠨᠢ ᠡᠬᠢ ᠪᠠᠶᠠᠯᠢᠭ ᠬᠢᠵᠠᠭᠠᠷ ᠲᠠᠢ᠂ ᠬᠡᠲᠦᠷᠡᠲᠡᠯ᠎ᠡ ᠮᠠᠯ | ᠮᠠᠯᠵᠢᠵᠤ᠂ ᠮᠠᠯ ᠰᠦᠷᠦᠭ ᠤᠨ ᠳᠠᠭᠠᠭᠠᠴᠠ ᠠᠴᠠ ᠪᠣᠯᠤᠭᠰᠠᠨ ᠨᠤᠲᠤᠭ ᠪᠡᠯᠴᠢᠭᠡᠷ ᠮᠠᠭᠤᠳᠠᠬᠤ ᠠᠶᠤᠯ ᠪᠣᠯ | ᠲᠤᠬᠠᠢ ᠶᠢᠨ ᠭᠠᠵᠠᠷ ᠤᠨ ᠠᠯᠴᠢᠳ ᠤᠨ ᠰᠡᠳᠬᠢᠯ ᠠᠴᠠ ᠬᠥᠳᠡᠯᠵᠦ ᠳᠡᠢᠯᠦᠱᠢ ᠦᠭᠡᠢ ᠰᠡᠭᠦᠳᠡᠷ ᠶᠤᠮ᠃ ᠶᠡᠭᠡ | ᠬᠡᠪᠴᠢᠶᠡᠨ ᠤ ᠴᠢᠨᠠᠷ ᠰᠠᠶᠢᠲᠠᠢ ᠡᠪᠡᠰᠦ ᠪᠣᠷᠳᠤᠭ᠎ᠠ ᠨᠢ ᠮᠠᠯᠴᠢᠨ ᠲᠠᠷᠢᠶᠠᠴᠢᠨ ᠳᠤ ᠪᠣᠬᠢᠷᠲᠤᠯ ᠦᠭᠡᠢ ︽ᠰᠠᠶᠢᠨ | ᠵᠣᠭᠤᠰᠣᠨ ᠤ ᠦᠵᠡᠮᠵᠢ︾ ᠠᠪᠴᠢᠷᠠᠵᠤ ᠥᠭᠪᠡ᠃ ᠭᠠᠭᠴᠠ ᠬᠤ᠋ ᠬᠠᠮᠤᠭ ᠤᠨ ᠡᠷᠡᠰ ᠰᠢᠭᠤᠷᠬᠠᠢ ᠣᠪᠣᠷ ᠢᠶᠠᠷ᠂ | ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠪᠡᠯ ᠲᠠᠯ᠎ᠠ ᠨᠤᠲᠤᠭ ᠰᠠᠶ᠋ᠢ ᠲᠠᠴᠢᠷᠳᠠᠬᠤ ᠠᠶᠤᠯ ᠲᠦᠭᠰᠢᠭᠦᠷᠢ ᠶᠢ | ᠲᠦᠢᠯᠪᠤᠷᠢᠲᠠᠢ ᠬᠤᠷᠦ᠋ᠢᠯᠠᠨ᠎ᠠ᠃ 2022 ᠣᠨ ᠳᠤ᠂ ᠨᠢᠭᠡ ᠤᠳᠠᠭᠠᠨ ᠤ ᠪᠦᠬᠦ ᠵᠢᠯ ᠳᠤ ᠪᠡᠯᠴᠢᠭᠡᠷᠯᠡᠭᠦᠯᠬᠦ ᠶᠢ | ᠴᠠᠭᠠᠵᠠᠯᠠᠬᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ | ᠳᠠᠶᠢᠯᠠᠯᠳᠤᠭᠠᠨ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠬᠡ ᠭᠠᠵᠠᠷ ᠲᠤ ᠪᠦᠬᠦ ᠲᠠᠯ᠎ᠠ ᠪᠠᠷ | ᠡᠬᠢᠯᠡᠪᠡ᠃ ᠥᠷᠯᠥᠭᠡ ᠶᠢᠨ ᠭᠤᠷᠪᠠ ᠳᠥᠷᠪᠡᠨ ᠴᠠᠭ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭᠳᠠᠨ ᠲᠣᠭᠤᠷᠢᠬᠤ | ᠠᠩᠭᠢ ᠶᠢᠨ ᠭᠡᠰᠢᠭᠦᠳ ᠨᠢᠭᠡᠨᠲᠡ ᠠᠭᠤᠯᠠ ᠴᠠᠭᠳᠠᠬᠤ ᠵᠠᠮ ᠢᠶᠠᠷ ᠵᠠᠮᠨᠠᠪᠠ᠃ ᠥᠷᠯᠥᠭᠡ ᠦᠳᠡᠰᠢ ᠠᠴᠠ ᠰᠥᠨᠢ | ᠳᠦᠯᠢ ᠪᠣᠯᠲᠠᠯ᠎ᠠ᠂ ᠰᠥᠨᠢ ᠳᠦᠯᠢ ᠠᠴᠠ ᠥᠷᠯᠥᠭᠡ ᠪᠣᠯᠲᠠᠯ᠎ᠠ᠂ ᠪᠦᠬᠦᠯᠢ ᠡᠳᠦᠷ ᠤᠨ᠂ ᠲᠣᠭᠲᠠᠮᠠᠯ ᠪᠤᠰᠤ ᠴᠠᠭ ᠲᠠᠢ | ᠂ ᠥᠨᠳᠥᠷ ᠳᠠᠪᠲᠠᠮᠵᠢᠲᠤ ᠡᠳᠦᠷ ᠤᠨ ᠰᠥᠨᠢ ᠪᠠᠷ ᠪᠠᠶᠢᠴᠠᠭᠠᠬᠤ ᠲᠣᠭᠤᠷᠢᠨ ᠪᠠᠶᠢᠴᠠᠭᠠᠬᠤ ᠵᠠᠭᠪᠤᠷ ᠢ ᠬᠡᠷᠡᠭᠯᠡᠵᠦ᠂ | ᠲᠣᠭᠤᠷᠢᠨ ᠴᠠᠭᠳᠠᠬᠤ ᠠᠩᠭᠢ ᠪᠦᠬᠦ ᠡᠳᠦᠷ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠨᠢᠭᠡᠳᠦᠭᠡᠷ | ᠹᠷᠣᠨᠲ ᠲᠤ ᠲᠣᠭᠤᠷᠢᠨ ᠬᠠᠮᠠᠭᠠᠯᠠᠪᠠ᠃ ︽ᠮᠠᠯᠵᠢᠬᠤ ᠶᠢ ᠴᠠᠭᠠᠵᠠᠯᠠᠬᠤ ᠨᠢ ᠡᠷᠲᠡ ᠪᠠᠶᠢᠵᠤ᠂ ᠠᠭᠤᠯᠠ ᠶᠢ | ᠲᠣᠭᠤᠷᠢᠨ ᠴᠠᠭᠳᠠᠬᠤ ᠨᠢ ᠡᠷᠲᠡ ᠮᠥᠷᠲᠡᠭᠡᠨ ᠪᠠᠰᠠ ᠣᠷᠦ᠋ᠢᠲᠠᠬᠤ ᠦᠭᠡᠢ᠂ ᠵᠠᠷᠢᠮ ᠳᠠᠭᠠᠨ ᠪᠢᠳᠡ ᠣᠯᠵᠤ ᠮᠡᠳᠡᠭᠰᠡᠨ | ᠦᠬᠡᠷ ᠤᠨ ᠲᠤᠭᠤᠷᠠᠢ ᠶᠢᠨ ᠤᠯᠠ ᠮᠥᠷ ᠢ ᠮᠥᠷᠳᠡᠵᠦ᠂ ᠵᠠᠷᠢᠮ ᠳᠠᠭᠠᠨ ᠮᠠᠯᠵᠢᠯ ᠤᠨ ᠴᠡᠭ ᠤᠨ ᠣᠶᠢᠷ᠎ᠠ ᠬᠠᠪᠢ ᠳᠤ | ᠰᠠᠭᠤᠵᠤ ᠰᠠᠬᠢᠨ ᠬᠠᠮᠠᠭᠠᠯᠠᠨ᠎ᠠ︾ ᠭᠡᠪᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠩᠭᠢ ᠶᠢᠨ ᠭᠡᠰᠢᠭᠦᠨ ᠪᠦᠦ ᠱᠧᠩ | ᠵᠣᠬᠢᠶᠠᠭᠴᠢ ᠳᠤ ᠬᠡᠯᠡᠬᠦ ᠳᠡᠭᠡᠨ᠂ ᠮᠠᠯ ᠢ ᠲᠦᠷ ᠦᠯᠡᠳᠡᠭᠡᠵᠦ ᠠᠪᠬᠤ᠂ ᠲᠣᠷᠭᠠᠭᠤᠯᠢ ᠶᠢᠨ ᠬᠠᠭᠤᠳᠠᠰᠤ ᠭᠠᠷᠭᠠᠵᠤ | ᠥᠭᠬᠦ᠂ ᠲᠣᠷᠭᠠᠭᠤᠯᠢ ᠶᠢᠨ ᠵᠣᠭᠤᠰ ᠢ ᠬᠤᠷᠢᠶᠠᠨ ᠠᠪᠬᠤ ᠳᠤ ᠦᠨᠳᠦᠰᠦᠨ ᠵᠣᠷᠢᠯᠭ᠎ᠠ ᠪᠢᠰᠢ᠂ ᠮᠠᠯᠴᠢᠨ | ᠲᠠᠷᠢᠶᠠᠴᠢᠨ ᠤ ᠪᠦᠳᠦᠭᠦᠯᠢᠭ ᠲᠡᠵᠢᠭᠡᠵᠦ ᠪᠠᠶᠢᠭᠰᠠᠨ ᠠᠴᠠ ᠬᠠᠰᠢᠶᠠᠯᠠᠨ ᠲᠡᠵᠢᠭᠡᠵᠦ ᠲᠡᠶᠢᠰᠢ ᠲᠡᠵᠢᠭᠡᠬᠦ | ᠰᠡᠳᠬᠢᠬᠦᠢ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠳᠤ ᠵᠠᠩᠭᠢᠯᠠᠭ᠎ᠠ ᠪᠣᠯᠵᠤ᠂ ᠡᠴᠦᠰ ᠲᠡᠭᠡᠨ ᠠᠮᠢ ᠠᠬᠤᠢ ᠶᠢᠨ | ᠦᠷ᠎ᠡ ᠠᠰᠢᠭ ᠬᠢᠭᠡᠳ ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠶᠢ ᠬᠤᠣᠰ ᠴᠢᠭᠯᠡᠯ ᠢᠶᠠᠷ ᠬᠠᠮᠲᠤ ᠪᠠᠷ ᠠᠰᠢᠭ | ᠬᠦᠷᠲᠡᠬᠦ ᠶᠢ ᠪᠡᠶᠡᠯᠡᠭᠦᠯᠦᠨ᠎ᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠵᠢᠭᠡᠯ ᠪᠣᠷᠳᠣᠭᠠᠨ ᠤ | ᠠᠵᠤ ᠦᠢᠯᠡᠰ ᠤᠨ ᠡᠳ᠋ᠱᠢᠭᠦᠯᠬᠦ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠤᠨ | ᠳᠣᠲᠣᠷᠠᠬᠢ ᠡᠪᠡᠰᠦ ᠦᠷ᠎ᠡ ᠶᠢᠨ ᠲᠤᠷᠱᠢᠯᠲᠠ ᠶᠢᠨ ᠲᠠᠷᠢᠶ᠎ᠠ᠃ ᠥᠩᠭᠡᠷᠡᠭᠰᠡᠨ ᠳᠤ ᠪᠦᠳᠦᠭᠦᠯᠢᠭ ᠰᠤᠯᠠ ᠲᠡᠵᠢᠭᠡᠵᠦ | ᠪᠠᠶᠢᠭᠰᠠᠨ ᠲᠡᠵᠢᠭᠡᠨ ᠦᠷᠡᠵᠢᠭᠦᠯᠬᠦ ᠠᠷᠭ᠎ᠠ ᠨᠢ ᠦᠷ᠎ᠡ ᠠᠰᠢᠭ ᠢᠶᠠᠷ ᠥᠨᠳᠥᠷ ᠪᠢᠰᠢ᠃ ᠣᠳᠣᠬᠠᠨ ᠳᠤ ᠦᠬᠡᠷ ᠢ | ᠪᠦᠬᠦᠨ ᠢ ᠭᠠᠴᠠᠭᠠᠨ ᠤ ᠲᠡᠵᠢᠭᠡᠨ ᠦᠷᠡᠵᠢᠭᠦᠯᠬᠦ ᠲᠣᠭᠤᠷᠢᠭ ᠲᠤ ᠲᠠᠯᠪᠢᠵᠤ᠂ ᠡᠳᠦᠷ ᠪᠦᠷᠢ ᠲᠤᠰᠬᠠᠢ ᠬᠥᠮᠦᠨ ᠢᠶᠠᠷ | ᠨᠢᠭᠡᠳᠦᠯᠲᠡᠢ ᠬᠠᠮᠢᠶᠠᠷᠤᠭᠤᠯᠵᠤ᠂ ᠬᠢᠵᠢᠭ ᠢ ᠨᠢᠭᠡᠳᠦᠯᠲᠡᠢ ᠰᠡᠷᠭᠡᠶᠢᠯᠡᠭᠦᠯᠵᠦ᠂ ᠮᠠᠨ ᠤ ᠭᠡᠷ ᠤᠨ ᠦᠬᠡᠷ ᠬᠠᠮᠤᠭ | ᠠᠩᠬᠠᠨ ᠤ ᠬᠡᠳᠦᠨ ᠲᠠᠯ᠎ᠠ ᠠᠴᠠ ᠬᠡᠳᠦᠨ ᠠᠷᠪᠠᠨ ᠲᠣᠯᠣᠭᠠᠢ ᠪᠣᠯᠵᠤ᠂ ᠵᠢᠯ ᠤᠨ ᠣᠷᠣᠯᠭ᠎ᠠ 2 ᠲᠦᠮᠡᠨ ᠲᠥᠭᠦᠷᠢᠭ | ᠪᠠᠶᠢᠭᠰᠠᠨ ᠠᠴᠠ ᠪᠠᠨ ᠠᠷᠪᠠᠨ ᠬᠡᠳᠦᠨ ᠲᠦᠮᠡᠨ ᠲᠥᠭᠦᠷᠢᠭ ᠪᠣᠯᠵᠤ ᠨᠡᠮᠡᠭᠳᠡᠪᠡ᠃ | | |