| | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ | ᠰᠣᠯᠢᠯᠴᠠᠭ᠎ᠠ ᠪᠠ ᠦᠢᠯᠡᠳᠦᠯᠴᠡᠯ ᠢ ᠲᠠᠰᠤᠷᠠᠯᠲᠠ ᠦᠭᠡᠢ ᠴᠢᠩᠭᠠᠳᠬᠠᠵᠤ᠂ ᠡᠶ᠎ᠡ ᠵᠣᠬᠢᠴᠠᠯ ᠲᠠᠢ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠳᠤᠭᠠᠷ ᠲᠠᠯᠠᠪᠠᠢ ᠤᠮᠠᠷᠠᠲᠤ ᠬᠢᠯᠢ ᠶᠢᠨ ᠰᠣᠶᠣᠯ ᠤᠨ ᠷᠦᠨ ᠵᠢᠶᠠ | ᠶᠤᠸᠠᠨ ᠵᠢᠴᠢ ᠠᠨᠠᠷ ᠤᠨ ᠦᠷ᠎ᠡ ᠶᠢᠨ ᠬᠥᠷᠰᠢ ᠵᠡᠷᠭᠡᠯᠡᠳᠡᠭᠡ ᠰᠣᠶᠣᠯ ᠤᠨ ᠴᠤᠭᠯᠠᠭᠠᠨ ᠤ ᠠᠵᠢᠯᠯᠠᠭ᠎ᠠ ᠶᠢ ᠲᠡᠮᠦᠷ | ᠵᠠᠮ ᠤᠨ ᠨᠡᠶᠢᠭᠡᠮ ᠲᠣᠭᠤᠷᠢᠭ ᠤᠨ ᠥᠷᠲᠡᠭᠡᠨ ᠤ ᠡᠮᠦᠨᠡᠬᠢ ᠲᠠᠯᠠᠪᠠᠢ ᠳᠤ ᠶᠠᠪᠤᠭᠳᠠᠭᠤᠯᠪᠠ᠃ ᠲᠤᠰ ᠤᠳᠠᠭᠠᠨ ᠤ | ᠠᠵᠢᠯᠯᠠᠭ᠎ᠠ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠠᠴᠠ ᠭᠤᠣᠯᠯᠠᠨ ᠡᠷᠬᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠲᠡᠮᠦᠷ ᠵᠠᠮ ᠤᠨ ᠨᠡᠶᠢᠭᠡᠮ ᠲᠣᠭᠤᠷᠢᠭ ᠬᠠᠮᠲᠤᠷᠠᠨ ᠡᠷᠬᠢᠯᠡᠪᠡ᠃ ᠰᠣᠶᠣᠯ ᠤᠨ ᠴᠤᠭᠯᠠᠭᠠᠨ ᠨᠢ | ᠤᠯᠠᠭᠠᠨᠮᠥ᠋ᠴᠢᠷ ᠤᠨ ᠲᠣᠭᠯᠠᠭᠴᠢ ᠶᠢᠨ ᠠᠪᠴᠢᠷᠠᠭᠰᠠᠨ ᠡᠷᠡᠭᠲᠡᠢ ᠡᠮᠡᠭᠲᠡᠢ ᠶᠢᠨ ᠬᠠᠮᠲᠤ ᠶᠢᠨ ᠪᠥᠵᠢᠭ ︽ᠰᠢᠨ᠎ᠡ ᠴᠠᠭ | ᠦᠶ᠎ᠡ ᠶᠢ ᠬᠠᠩᠭᠢᠨᠠᠭᠤᠯᠤᠶ᠎ᠠ︾ ᠭᠡᠬᠦ ᠳᠤᠮᠳᠠ ᠬᠥᠰᠢᠭᠡ ᠪᠠᠨ ᠰᠡᠬᠦᠵᠦ᠂ ᠦᠯᠢᠭᠡᠷ ᠰᠢᠯᠢᠳᠡᠭ ᠵᠦᠴᠦᠭᠡ ᠶᠢᠨ | ᠠᠷᠠᠳ ᠲᠤ ᠠᠰᠢᠭ ᠬᠦᠷᠲᠡᠭᠡᠬᠦ ᠦᠵᠡᠭᠦᠯᠭᠡ᠂ ᠪᠥᠵᠢᠭ ︽ᠪᠠᠶᠠᠷ ᠪᠠᠶᠠᠰᠤᠯ︾ ᠨᠢ ᠲᠤᠬᠠᠢ ᠶᠢᠨ ᠲᠠᠯᠠᠪᠠᠢ ᠶᠢᠨ | ᠠᠭᠤᠷ ᠠᠮᠢᠰᠬᠤᠯ ᠢ ᠣᠷᠭᠢᠯ ᠳᠤ ᠨᠢ ᠬᠦᠷᠭᠡᠵᠡᠢ᠃ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠪᠢᠯᠬᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠵᠤ᠂ ᠦᠵᠡᠭᠴᠢᠳ ᠪᠠᠶᠠᠷ ᠪᠠᠭ᠋ᠠᠳᠤᠯ ᠤᠨ ᠳᠤᠮᠳᠠ | ᠰᠣᠭᠲᠣᠭᠤᠷᠠᠵᠤ᠂ ᠤᠷᠠᠯᠢᠭ ᠤᠨ ᠷᠢᠳᠢ ᠰᠢᠳᠢ ᠶᠢ ᠮᠡᠳᠡᠷᠡᠪᠡ᠃ ᠢᠷᠠᠭᠤ ᠰᠠᠶᠢᠬᠠᠨ ᠳᠠᠭᠤᠤ ᠪᠥᠵᠢᠭ ᠤᠨ | ᠲᠣᠭᠯᠠᠯᠲᠠ᠃ ᠲᠠᠶᠢᠰᠠᠨ ᠳᠡᠭᠡᠷᠡᠬᠢ ᠲᠣᠭᠯᠠᠯᠲᠠ ᠨᠢ ᠭᠤᠶᠢᠳᠠ ᠰᠠᠶᠢᠬᠠᠨ ᠲᠠᠶᠢᠰᠠᠨ ᠳᠣᠣᠷᠠᠬᠢ ᠡᠯ᠎ᠡ ᠣᠷᠣᠨ | ᠪᠦᠰᠡ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠲᠡᠮᠦᠷ ᠵᠠᠮ ᠤᠨ ᠰᠣᠶᠣᠯ ᠤᠨ ᠦᠵᠡᠰᠬᠦᠯᠡᠩ ᠤᠨ | ᠲᠣᠭᠤᠷᠢᠭ ᠤᠨ ᠲᠠᠶᠢᠯᠪᠤᠷᠢᠯᠠᠭᠴᠢ ᠠᠴᠠ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠲᠡᠦᠬᠡ ᠶᠢᠨ ᠭᠡᠷᠡᠯ | ᠵᠢᠷᠤᠭ ᠲᠤ ᠲᠠᠶᠢᠯᠤᠮᠵᠢ ᠬᠢᠵᠦ᠂ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠬᠥᠭᠵᠢᠯᠲᠡ ᠶᠢᠨ ᠶᠠᠪᠤᠴᠠ ᠪᠣᠯᠤᠨ | ᠴᠢᠬᠤᠯᠠ ᠠᠴᠢ ᠬᠤᠯᠪᠣᠭᠳᠠᠯ ᠢ ᠣᠯᠠᠨ ᠳᠤ ᠲᠠᠨᠢᠯᠴᠠᠭᠤᠯᠪᠠ᠃ ᠰᠠᠭᠤᠭᠠᠯᠢ ᠠᠷᠠᠳ ᠤᠷᠠᠨ ᠰᠠᠶᠢᠬᠠᠨ ᠤ | ᠲᠣᠭᠯᠠᠯᠲᠠ ᠶᠢ ᠰᠣᠨᠢᠷᠬᠠᠪᠠ᠃ ︽ᠡᠨᠡ ᠤᠳᠠᠭᠠᠨ ᠤ ᠠᠵᠢᠯᠯᠠᠭ᠎ᠠ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠂ | ᠪᠢ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠲᠡᠦᠬᠡ ᠶᠢ ᠣᠶᠢᠯᠠᠭᠠᠵᠤ᠂ ᠨᠡᠩ ᠣᠯᠠᠨ ᠲᠡᠮᠦᠷ ᠵᠠᠮ ᠤᠨ | ᠮᠡᠳᠡᠯᠭᠡ ᠶᠢ ᠣᠶᠢᠯᠠᠭᠠᠭᠤᠯᠵᠤ᠂ ᠮᠠᠰᠢ ᠶᠡᠭᠡ ᠣᠯᠤᠯᠲᠠ ᠲᠠᠢ ᠪᠣᠯᠭᠠᠪᠠ︾᠃ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠡᠮᠦᠷ ᠵᠠᠮ ᠤᠨ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠵᠠᠩ ᠪᠦᠦ ᠯᠢᠨ ᠬᠡᠯᠡᠪᠡ᠃ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ | ᠲᠡᠦᠬᠡ ᠶᠢ ᠲᠠᠶᠢᠯᠪᠤᠷᠢᠯᠠᠪᠠ᠃ ᠲᠡᠮᠦᠷ ᠵᠠᠮ ᠤᠨ ᠭᠤᠣᠯ ᠰᠡᠳᠦᠪᠲᠦ ᠭᠠᠷ ᠤᠷᠠᠯᠠᠯ ᠤᠨ ᠲᠣᠭᠤᠷᠢᠭ ᠲᠤ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠥᠪ ᠤᠨ | ᠠᠵᠢᠯᠲᠠᠳ ᠬᠡᠦᠬᠡᠳ ᠤᠳ ᠤᠨ ᠭᠠᠯᠲᠤ ᠲᠡᠷᠭᠡᠨ ᠤ ᠵᠠᠭᠪᠤᠷ ᠬᠢᠬᠦ ᠶᠢ ᠵᠢᠯᠣᠭᠤᠳᠴᠤ᠂ ᠬᠡᠦᠬᠡᠳ ᠤᠳ ᠬᠠᠷᠢᠯᠴᠠᠨ | ᠰᠠᠨᠠᠯ ᠢᠶᠠᠨ ᠰᠣᠯᠢᠯᠴᠠᠵᠤ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ᠂ ᠴᠢᠷᠠᠢ ᠳᠦᠭᠦᠷᠡᠩ ᠪᠠᠶᠠᠷ ᠬᠦᠷ ᠲᠠᠢ | ᠪᠠᠶᠢᠯ᠎ᠠ᠃ ᠬᠡᠦᠬᠡᠳ ᠤᠳ ᠭᠠᠯᠲᠤ ᠲᠡᠷᠭᠡᠨ ᠤ ᠵᠠᠭᠪᠤᠷ ᠬᠢᠬᠦ ᠶᠢ ᠰᠣᠷᠣᠨ᠎ᠠ᠃ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠥᠪ ᠤᠨ ᠠᠵᠢᠯᠲᠠᠨ ᠲᠢᠶᠠᠨ | ᠵᠢᠶᠠ ᠨᠠᠨ᠄ ︽ᠥᠨᠥᠳᠦᠷ ᠪᠢᠳᠡ ᠬᠡᠦᠬᠡᠳ ᠤᠳ ᠢ ᠳᠠᠭᠠᠭᠤᠯᠤᠨ ᠭᠠᠯᠲᠤ ᠲᠡᠷᠭᠡᠨ ᠤ ᠵᠠᠭᠪᠤᠷ ᠢ ᠦᠢᠯᠡᠳᠴᠡᠢ᠂ | ᠲᠤᠰ ᠤᠳᠠᠭᠠᠨ ᠤ ᠠᠵᠢᠯᠯᠠᠭ᠎ᠠ ᠨᠢ ᠬᠡᠦᠬᠡᠳ ᠤᠨ ᠭᠠᠷ ᠬᠥᠳᠡᠯᠬᠦ ᠴᠢᠳᠠᠪᠤᠷᠢ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ | ᠦᠭᠡᠢ᠂ ᠪᠠᠰᠠ ᠬᠡᠦᠬᠡᠳ ᠤᠳ ᠲᠤ ᠪᠠᠶᠠᠨᠬᠤᠰᠢᠭᠤ ᠭᠠᠯᠲᠤ ᠲᠡᠷᠭᠡᠨ ᠥᠷᠲᠡᠭᠡᠨ ᠤ ᠲᠡᠦᠬᠡ ᠶᠢ ᠣᠶᠢᠯᠠᠭᠠᠭᠤᠯᠤᠭᠰᠠᠨ | ᠴᠤ ᠲᠡᠷᠡ᠂ ᠡᠰᠡᠬᠦᠯ᠎ᠡ ᠬᠡᠦᠬᠡᠳ ᠲᠤ ᠠᠪᠴᠤ ᠬᠡᠯᠡᠪᠡᠯ ᠴᠥᠮ ᠮᠠᠰᠢ ᠶᠡᠭᠡ ᠣᠯᠤᠯᠲᠠ ᠲᠠᠢ ᠪᠣᠯᠤᠭᠰᠠᠨ ᠶᠤᠮ︾ | ᠭᠡᠵᠦ ᠬᠡᠯᠡᠪᠡ᠃ ᠬᠠᠮᠢᠶ᠎ᠠ ᠪᠦᠬᠦᠢ ᠠᠵᠢᠯᠲᠠᠳ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ | ᠭᠠᠷᠭᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠴᠢ ᠠᠷᠠᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠢ ᠪᠠᠷ | ᠲᠠᠶᠢᠯᠪᠤᠷᠢᠯᠠᠵᠤ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠡᠷᠡᠭᠦᠯ ᠮᠡᠨᠳᠦ ᠶᠢᠨ ᠠᠯᠪᠠᠨ | ᠵᠢᠷᠤᠮ ᠤᠨ ᠡᠮᠴᠢᠯᠡᠭᠡᠨ ᠤ ᠣᠷᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠶᠠᠳᠤᠭᠠᠷ | ᠠᠷᠠᠳ ᠤᠨ ᠡᠮᠨᠡᠯᠭᠡ ᠶᠢᠨ ᠬᠤᠷᠢᠶ᠎ᠠ ᠠᠴᠠ ᠢᠷᠡᠭᠰᠡᠨ ᠡᠮᠴᠢ ᠨᠡᠷ ᠦᠨ᠎ᠡ ᠲᠥᠯᠥᠪᠦᠷᠢ ᠦᠭᠡᠢ ᠪᠠᠷ ᠰᠠᠭᠤᠭᠠᠯᠢ | ᠠᠷᠠᠳ ᠲᠤ ᠬᠢᠲᠠᠳ ᠡᠮᠨᠡᠯᠭᠡ ᠶᠢᠨ ᠡᠮᠴᠢᠯᠡᠭᠡ ᠬᠢᠬᠦ ᠶᠢᠨ ᠬᠠᠮᠲᠤ ᠴᠢᠰᠤᠨ ᠳᠠᠷᠤᠯᠲᠠ ᠥᠨᠳᠥᠷ ᠡᠪᠡᠳᠴᠢᠨ᠂ | ᠨᠢᠷᠤᠭᠤ ᠡᠪᠡᠳᠬᠦ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠴᠢᠭᠯᠡᠭᠦᠯᠦᠨ᠂ ᠰᠠᠭᠤᠭᠠᠯᠢ ᠠᠷᠠᠳ ᠲᠤ | ᠲᠤᠰᠬᠠᠢ ᠮᠡᠷᠭᠡᠵᠢᠯ ᠤᠨ ᠡᠷᠡᠭᠦᠯ ᠮᠡᠨᠳᠦ ᠶᠢᠨ ᠵᠢᠯᠣᠭᠤᠳᠣᠯᠭ᠎ᠠ ᠬᠠᠩᠭᠠᠵᠤ᠂ ᠢᠳᠡᠭᠡᠨ ᠤᠮᠳᠠᠭᠠᠨ ᠪᠠ ᠲᠠᠮᠢᠷ ᠤᠨ | ᠬᠥᠳᠡᠯᠭᠡᠭᠡᠨ ᠢ ᠰᠢᠨᠵᠢᠯᠡᠬᠦ ᠤᠬᠠᠭᠠᠨᠴᠢ ᠪᠠᠷ ᠬᠤᠷᠢᠭᠯᠠᠨ ᠵᠣᠭᠰᠣᠭᠠᠨ᠎ᠠ᠃ ᠲᠤᠬᠠᠢ ᠶᠢᠨ ᠲᠠᠯᠠᠪᠠᠢ ᠳᠤ ᠪᠠᠰᠠ ᠠᠮᠲᠠᠲᠤ | ᠢᠳᠡᠭᠡᠨ ᠤ ᠳᠡᠯᠭᠡᠭᠦᠷ ᠭᠠᠷᠭᠠᠵᠤ᠂ ᠬᠤᠨᠢᠨ ᠮᠢᠬᠠᠨ ᠤ ᠬᠡᠯᠬᠢᠶ᠎ᠡ ᠪᠠᠭᠪᠤᠷ᠂ ᠪᠠᠭᠪᠤᠷ ᠤᠨ ᠲᠠᠬᠢᠶᠠᠨ ᠦᠨᠦᠷ | ᠬᠠᠩᠬᠤᠯᠵᠤ᠂ ᠰᠠᠭᠤᠭᠠᠯᠢ ᠠᠷᠠᠳ ᠦᠨ᠎ᠡ ᠲᠥᠯᠥᠪᠦᠷᠢ ᠦᠭᠡᠢ ᠪᠠᠷ ᠠᠮᠲᠠᠯᠠᠵᠤ᠂ ᠠᠮᠲᠠᠲᠤ ᠢᠳᠡᠭᠡᠨ ᠤ ᠣᠯᠤᠯᠲᠠ | ᠲᠥᠷᠥᠭᠳᠡᠯ ᠢᠶᠠᠨ ᠬᠤᠪᠢᠶᠠᠯᠴᠠᠵᠤ ᠪᠣᠯᠤᠨ᠎ᠠ᠃ ︽ᠲᠤᠰ ᠤᠳᠠᠭᠠᠨ ᠤ ᠠᠵᠢᠯᠯᠠᠭ᠎ᠠ ᠨᠢ ︿ᠬᠤᠸᠠᠷ ᠫᠤᠤᠵᠢᠩ﹀ ︿ | ᠰᠣᠶᠣᠯ ᠤᠨ ᠦᠨᠦᠷ ᠠᠮᠲᠠ﹀ ᠶᠢ ᠨᠢᠭᠡ ᠴᠣᠭᠴᠠᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠡᠮᠦᠷ ᠵᠠᠮ ᠤᠨ ᠲᠡᠦᠬᠡ ᠶᠢ ᠨᠡᠩ ᠢᠯᠡᠭᠦᠦ ᠣᠶᠢᠯᠠᠭᠠᠭᠤᠯᠵᠤ | ᠂ ᠰᠣᠶᠣᠯ ᠤᠨ ᠶᠡᠭᠡ ᠴᠤᠭᠯᠠᠭᠠᠨ ᠤ ᠷᠢᠳᠢ ᠰᠢᠳᠢ ᠶᠢ ᠮᠡᠳᠡᠷᠡᠭᠦᠯᠦᠨ᠎ᠡ᠃ ᠪᠢᠳᠡ ᠦᠷᠭᠦᠯᠵᠢᠯᠡᠨ ᠰᠠᠭᠤᠭᠠᠯᠢ | ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠤᠨ᠂ | ᠠᠷᠠᠳ ᠲᠤ ᠠᠰᠢᠭ ᠬᠦᠷᠲᠡᠭᠡᠬᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠲᠠᠪᠴᠠᠩ ᠢ | ᠦᠷᠭᠦᠯᠵᠢᠯᠡᠨ ᠰᠠᠶᠢᠲᠤᠷ ᠪᠠᠶᠢᠭᠤᠯᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠤᠯᠠᠮᠵᠢᠯᠠᠨ ᠳᠡᠯᠭᠡᠷᠡᠭᠦᠯᠵᠦ᠂ | ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠡᠮᠦᠷ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ | ᠡᠭᠦᠷ ᠤᠨ ᠱᠦᠵᠢ ᠵᠢᠷᠤᠮᠲᠤ ᠬᠡᠯᠡᠪᠡ᠃ | | |