ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠬᠤᠨᠯᠳᠤᠭᠤᠯᠪᠠ
ᠨᠡᠶᠢᠲᠡᠯᠡᠭᠰᠡᠨ ᠴᠠᠭ᠄
2024/8/30
     8 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠬᠤᠷᠠᠯᠳᠤᠭᠤᠯᠵᠤ  ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠭᠰᠠᠨ᠂ ︽ᠭᠤᠷᠪᠠᠨ ᠪᠣᠭᠤᠮᠲᠠ ᠰᠢᠪᠲᠤᠯᠬᠤ ᠠᠵᠢᠯᠯᠠᠭ᠎ᠠ︾ ᠶᠢᠨ ᠠᠬᠢᠴᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂  ᠶᠡᠷᠦᠩᠬᠡᠶ ᠱᠦᠵᠢ ᠰᠢ ᠶᠢᠨ ᠫᠢᠩ  ᠤᠨ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠢᠩᠭᠠᠨ ᠠᠶᠢᠮᠠᠭ ᠤᠨ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠨ ᠵᠠᠯᠭᠠᠮᠵᠢᠯᠠᠵᠤ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠭᠠᠳᠠᠭᠠᠳᠤ ᠳᠤ ᠤᠬᠠᠭᠤᠯᠭ᠎ᠠ ᠰᠣᠯᠢᠯᠴᠠᠭ᠎ᠠ ᠬᠢᠬᠦ ᠶᠢ ᠥᠷᠭᠡᠳᠬᠡᠨ᠂ ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠨ ᠠᠰᠢᠭᠯᠠᠵᠤ᠂ ᠠᠷᠠᠳ ᠢᠷᠭᠡᠳ ᠢ ᠪᠠᠶᠠᠵᠢᠭᠤᠯᠤᠨ ᠴᠢᠨᠡᠭᠡᠯᠢᠭᠵᠢᠭᠦᠯᠬᠦ ᠮᠥᠷᠲᠡᠭᠡᠨ ᠳᠦᠷᠢ ᠲᠥᠷᠬᠦ ᠪᠠᠨ ᠳᠡᠯᠭᠡᠨ ᠦᠵᠡᠭᠦᠯᠵᠦ᠂ ᠬᠥᠭᠵᠢᠯᠲᠡ ᠶᠢ ᠠᠬᠢᠭᠤᠯᠵᠤ ᠴᠢᠳᠠᠬᠤ ᠪᠤᠯᠭᠠᠬᠤ ᠬᠡᠷᠡᠭᠲᠡᠢ ᠭᠡᠪᠡ ᠃    ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠢᠯᠪᠠᠷ ᠪᠤᠰᠤ ᠪᠠᠷ ᠣᠯᠤᠭᠰᠠᠨ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠦᠷ᠎ᠡ ᠪᠦᠲᠦᠭᠡᠯ ᠢ ᠬᠤᠪᠢ ᠳᠠᠬᠢᠨ ᠨᠠᠨᠳᠢᠩᠨᠠᠵᠤ᠂ ᠦᠨᠡᠨᠬᠦ ᠪᠠᠬᠢᠵᠢᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ ᠰᠠᠶᠢᠲᠤᠷ ᠠᠰᠢᠭᠯᠠᠵᠤ᠂ ᠵᠣᠯᠭᠠᠯᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠪᠠ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠬᠠᠮᠵᠢᠯᠴᠠᠬᠤ ᠵᠡᠷᠭᠡ ᠬᠠᠪᠰᠤᠷᠤᠨ ᠲᠡᠳᠬᠦᠬᠦ ᠬᠦᠴᠦᠨ ᠢ ᠰᠠᠶᠢᠲᠤᠷ ᠠᠰᠢᠭᠯᠠᠨ ᠭᠦᠢᠴᠡᠳ ᠠᠰᠢᠭᠯᠠᠵᠤ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠲᠦᠷᠭᠡᠳᠬᠡᠨ  ᠠᠬᠢᠭᠤᠯᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠵᠤᠭᠠᠴᠠᠯ ᠤᠨ ᠦᠢᠯᠡᠰ ᠤᠨ ᠬᠥᠭᠵᠢᠯᠲᠡ ᠵᠡᠷᠭᠡ ︽ᠭᠤᠷᠪᠠᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠰᠠᠶᠢᠲᠤᠷ ᠥᠷᠨᠢᠭᠦᠯᠵᠦ᠂ ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠪᠣᠭᠤᠮᠲᠠ ᠰᠢᠪᠲᠤᠯᠬᠤ ᠬᠤᠭᠤᠴᠠᠭ᠎ᠠ ᠶᠢ ᠴᠢᠩᠭ᠎ᠠ ᠠᠩᠬᠠᠷᠴᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠦᠷᠭᠡᠨ ᠦᠷ᠎ᠡ ᠪᠦᠲᠦᠭᠡᠯ ᠭᠠᠷᠭᠠᠬᠤ᠂ ᠤᠯᠠᠨ ᠦᠷ᠎ᠡ ᠪᠦᠲᠦᠭᠡᠯ ᠭᠠᠷᠭᠠᠬᠤ ᠶᠢ ᠠᠬᠢᠭᠤᠯᠵᠤ᠂ ᠭᠤᠷᠪᠠ ᠳᠥᠷᠪᠡᠳᠦᠭᠡᠷ ᠤᠯᠠᠷᠢᠯ ᠤᠨ ᠡᠷᠬᠡ ᠴᠢᠯᠥᠭᠡ ᠪᠠᠨ ᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠦᠬᠦ ᠵᠢᠯ ᠤᠨ ᠡᠭᠦᠷᠭᠡ ᠬᠠᠷᠠᠯᠲᠠ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠪᠡ ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠵᠠᠰᠠᠬᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠤᠨ ᠰᠦᠪᠡᠭᠴᠢ ᠶᠢ ᠪᠠᠶᠢᠴᠠᠭᠠᠨ ᠰᠢᠢᠳᠪᠦᠷᠢᠯᠡᠬᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠲᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ᠂ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠳᠠᠷᠤᠯᠲᠠ ᠪᠠ ᠬᠦᠴᠦ ᠨᠡᠮᠡᠵᠦ᠂ ᠨᠡᠩ ᠶᠡᠭᠡ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号