ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/30
     8 ᠳ᠋ᠤᠭᠠᠷ ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ᠶᠡᠷᠦᠩᠬᠡᠶ ᠱᠦᠵᠢ  ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠵᠣᠷᠢᠭᠲᠠᠶ ᠪᠠᠷ ᠥᠭᠡᠷᠡᠴᠢᠯᠡᠯᠲᠡ ᠬᠢᠬᠦ᠂ ᠦᠨᠡᠨᠬᠦ ᠠᠳᠬᠤᠨ ᠪᠣᠳᠠᠲᠠᠶ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠵᠤ᠂ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ ᠴᠢᠷᠦᠯᠲᠡ ᠶᠢᠨ ᠴᠢᠨᠠᠷᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠡᠮᠬᠢᠯᠡᠨ ᠰᠤᠳᠤᠯᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ︽ᠬᠤᠶᠠᠳᠠᠮᠠᠯ︾ ︽ᠬᠤᠶᠠᠷ ᠰᠢᠨ᠎ᠡ︾ ᠵᠡᠷᠭᠡ ᠲᠥᠷᠥ ᠶᠢᠨ ᠪᠣᠳᠣᠯᠭ᠎ᠠ ᠶᠢᠨ ᠴᠣᠩᠬᠤᠨ ᠤ ᠬᠤᠭᠤᠴᠠᠭ᠎ᠠ ᠶᠢ ᠵᠠᠪᠳᠤᠨ ᠠᠳᠬᠤᠵᠤ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠵᠢᠭᠤᠯᠴᠢᠯᠠᠯ ᠤᠨ ᠠᠵᠤ  ᠦᠢᠯᠡᠰ ᠤᠨ ᠬᠥᠭᠵᠢᠯᠲᠡ ᠶᠢᠨ ︽ᠭᠤᠷᠪᠠᠨ ᠶᠡᠭᠡ ᠰᠢᠪᠲᠤᠯᠤᠯᠲᠠ ᠶᠢᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠤᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠪᠠ ᠡᠯ᠎ᠡ  ᠵᠦᠢᠯ ᠤᠨ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠬᠦᠷᠢᠶᠡᠨ ᠤ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠤᠨ᠎ᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠤᠬᠠᠮᠰᠠᠷ ᠢ ᠪᠠᠲᠤ ᠪᠤᠶ ᠪᠣᠯᠭᠠᠵᠤ᠂ ᠶᠠᠰᠤ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠬᠤ᠂ ᠰᠠᠭᠤᠷᠢ ᠶᠢ ᠲᠠᠰ ᠳᠡᠪᠰᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠪᠰᠤᠷᠤᠨ ᠲᠡᠳᠬᠦᠬᠦ ᠠᠵᠤ ᠠᠬᠤᠶᠢᠯᠠᠯ ᠢ ᠴᠠᠭ ᠲᠤᠬᠠᠶ ᠳᠤᠨᠢ ᠬᠥᠲᠥᠯᠦᠨ ᠵᠢᠯᠣᠭᠤᠳᠴᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠳᠤ ᠲᠤᠰᠬᠠᠯ ᠶᠡᠬᠡᠲᠡᠶ᠂ ᠬᠥᠮᠦᠨ ᠤ ᠪᠡᠶ᠎ᠡ ᠮᠠᠬᠠᠪᠣᠳ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠭᠤᠤᠯᠳᠠᠯᠭ᠎ᠠ ᠲᠠᠢ ᠬᠡᠷᠡᠭᠯᠡᠭᠡᠨ ᠤ  ᠵᠦᠢᠯ ᠂ ᠢᠳᠡᠭᠡᠨ ᠪᠠ ᠡᠮ ᠤᠨ  ᠵᠦᠢᠯ ᠂ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠲᠣᠪᠤᠶᠢᠮ᠎ᠠ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂ ᠶᠠᠰᠤ ᠴᠢᠨᠠᠷ ᠤᠨ ᠳᠡᠭᠡᠭᠰᠢᠯᠡᠯᠲᠡ ᠪᠠᠷ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠭᠡᠲᠡᠢ ᠭᠡᠪᠡ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号