| | 1 — 7 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ | ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 8.9% ᠪᠠᠷ ᠪᠠᠭᠤᠷᠠᠪᠠ᠂ | ᠡᠭᠦᠨ ᠳᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠠᠳᠠᠯᠢ ᠬᠤᠭᠤᠴᠠᠭᠠᠨ ᠤ ᠬᠢ ᠠᠴᠠ 8.3% ᠪᠠᠷ | ᠪᠠᠭᠤᠷᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 11.7% ᠪᠠᠷ ᠪᠠᠭᠤᠷᠠᠪᠠ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 244.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 13.3 | ᠵᠠᠭᠤᠨ ᠤ ᠨᠢᠭᠡᠴᠢ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 47.3% ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠶᠢ 24.2 ᠵᠠᠭᠤᠨ ᠤ ᠨᠢᠭᠡᠴᠢ ᠪᠠᠭᠤᠷᠠᠭᠤᠯᠪᠠ︔ ᠭᠤᠷᠪᠠᠳᠤᠭᠠᠷ ᠠᠵᠤ ᠦᠢᠯᠡᠰ ᠤᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠶᠢ 2.1 ᠵᠠᠭᠤᠨ ᠤ ᠨᠢᠭᠡᠴᠢ ᠳᠠᠶᠢᠴᠢᠯᠠᠪᠠ᠃ | ᠭᠤᠤᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ | ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 241.5% ᠪᠠᠷ ᠨᠡᠮᠡᠭᠳᠡᠵᠦ᠂ ᠪᠥᠬᠦ | ᠪᠠᠯᠠ ᠣᠷᠣᠭᠤᠯᠤᠯᠲᠠ ᠶᠢᠨ ᠨᠡᠮᠡᠭᠳᠡᠯ ᠢ 13.3 ᠵᠠᠭᠤᠨ ᠤ ᠨᠢᠭᠡᠴᠢ ᠳᠠᠶᠢᠴᠢᠯᠠᠪᠠ︔ ᠤᠰᠤᠨ ᠠᠰᠢᠭᠯᠠᠯᠲᠠ ᠶᠢᠨ | ᠣᠷᠴᠢᠨ ᠲᠣᠭᠤᠷᠢᠨ ᠪᠣᠯᠤᠨ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 64.5% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢ | ᠳᠠᠶᠢᠴᠢᠯᠠᠨ ᠵᠠᠭᠤᠨ ᠤ ᠬᠠᠷᠢᠴᠠᠯ ᠢᠶᠠᠷ 6.0 ᠬᠤᠪᠢ ᠨᠡᠮᠡᠭᠳᠡᠭᠦᠯᠪᠡ︔ ᠲᠦᠷᠢᠶᠡᠰᠦᠯᠡᠯ ᠪᠠ ᠬᠤᠳᠠᠯᠳᠤᠭᠠᠨ ᠤ | ᠶᠠᠪᠤᠳᠠᠯ ᠤᠨ ᠦᠶ᠋ᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 642. | 1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 1.9 ᠵᠠᠭᠤᠨ ᠤ ᠨᠢᠭᠡᠴᠢ ᠳᠠᠶᠢᠴᠢᠯᠠᠪᠠ᠃ | | |