1 — 7 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 241.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/8/30
        ᠬᠢᠩᠭᠠᠨ ᠠᠶᠢᠮᠠᠭ ᠨᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ   ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠪᠠ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠴᠢᠩᠭᠠᠷᠠᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠲᠦᠷᠭᠡᠳᠬᠡᠨ ᠬᠤᠪᠢᠷᠠᠭᠤᠯᠵᠤ᠂ ᠨᠡᠮᠡᠭᠳᠡᠯ ᠤᠨ ᠬᠥᠳᠡᠯᠭᠡᠬᠦ ᠬᠦᠴᠦᠨ ᠢᠶᠠᠨ ᠬᠤᠪᠢᠷᠠᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠠᠶᠢᠮᠠᠭ ᠢ ᠡᠷᠡᠰ ᠭᠤᠶᠢᠪᠢᠰᠢ ᠥᠬᠡᠶ ᠪᠠᠷ ᠪᠥᠲᠥᠭᠡᠨ ᠪᠠᠶᠢᠭᠤᠯᠤᠨ᠎ᠠ᠃ 1 — 7 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 241.5% ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠠᠴᠠ 250.4 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 13.3 ᠵᠠᠭᠤᠨ ᠤ ᠨᠢᠭᠡᠴᠢ ᠳᠠᠶᠢᠴᠢᠯᠠᠵᠤ᠂ ᠪᠥᠬᠦ ᠪᠠᠯᠠ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ ᠲᠦᠷᠦᠭᠦᠤ ᠵᠢᠯ ᠤᠨ 5.2% ᠪᠠᠶᠢᠭᠰᠠᠨ ᠠᠴᠠ 20.7% ᠪᠣᠯᠵᠣ ᠳᠡᠭᠡᠭᠰᠢᠯᠡᠵᠡᠶ᠃ ᠡᠭᠦᠨ ᠳᠤ᠂ ᠲᠠᠷᠢᠶᠠᠯᠠᠩ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 375.5% ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 10.0 ᠵᠠᠭᠤᠨ ᠤ ᠨᠢᠭᠡᠴᠢ ᠳᠠᠶᠢᠴᠢᠯᠠᠪᠠ︔ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 122.8% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 3.3 ᠵᠠᠭᠤᠨ ᠤ ᠨᠢᠭᠡᠴᠢ ᠪᠠᠷ ᠲᠠᠶᠢᠴᠢᠯᠠᠵᠠᠢ᠃     
 
ᠢᠷᠡᠯᠲᠡ᠄ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号